6 ᠰᠠᠷ᠎ᠠ ᠶᠢᠨ 12 ᠤᠨ ᠡᠳᠦᠷ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠳᠤ ᠤᠯᠤᠰ | ᠲᠦᠷᠦ ᠶᠢᠨ ᠵᠥᠪᠯᠡᠯᠭᠡᠨ ᠬᠦᠴᠦᠨ ᠨᠡᠮᠡᠷᠢᠯᠡᠬᠦ︾ ᠪᠡᠭᠡᠵᠢᠩ ᠬᠤᠳᠠ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠥᠪᠥᠷ ᠮᠣᠩᠭᠤᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠬᠦ ᠶᠠᠷᠢᠯᠴᠠᠬᠤ ᠬᠤᠷᠠᠯ ᠭᠦᠭᠡᠬᠤᠲᠠ ᠳᠤ ᠬᠤᠷᠠᠯᠳᠤᠪᠠ᠃ | | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ᠂ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ | ᠪᠡᠭᠡᠵᠢᠩ ᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ | ᠡᠷᠭᠢᠯᠡᠭᠴᠢ ᠽᠧᠩ ᠶᠢᠨ ᠨᠠᠷ ᠣᠷᠣᠯᠴᠠᠵᠠᠢ᠃ ᠪᠡᠭᠡᠵᠢᠩ ᠬᠤᠲᠠ ᠶᠢᠨ ᠲᠤᠰᠠᠯᠠᠨ ᠲᠠᠮᠵᠢᠵᠤ ᠬᠠᠮᠲᠤᠷᠠᠨ ᠠᠵᠢᠯᠯᠠᠬᠤ | ᠠᠯᠪᠠᠨ ᠭᠡᠷ᠂ ᠬᠤᠲᠠ ᠶᠢᠨ ᠬᠠᠮᠢᠶᠠᠷᠤᠯᠲᠠ ᠶᠢᠨ 9 ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠠᠮᠢᠶ᠎ᠠ ᠪᠦᠬᠦᠢ ᠲᠢᠩᠬᠢᠮ | ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃ | ᠬᠤᠷᠠᠯ ᠠᠴᠠ᠂ ᠲᠣᠰ ᠤᠳᠠᠭ᠎ᠠ ᠶᠢᠨ ᠶᠠᠷᠢᠯᠴᠠᠬᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠳᠤ ᠬᠤᠷᠠᠯᠳᠤᠭᠤᠯᠤᠭᠰᠠᠨ ᠨᠢ ᠪᠡᠭᠡᠵᠢᠩ ᠬᠤᠲᠠ ᠪᠣᠯᠣᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠳᠤ ᠤᠯᠤᠰ ᠲᠥᠷᠥ ᠶᠢᠨ ᠵᠥᠪᠯᠡᠯᠭᠡᠨ ᠬᠦᠴᠦᠨ ᠨᠡᠮᠡᠷᠢᠯᠡᠬᠦ︾ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ ︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ | ᠶᠡᠭᠡ ᠪᠠᠷ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠪᠣᠳᠠᠲᠠᠢ ᠶᠢ | ᠡᠷᠬᠢᠮᠯᠡᠭᠰᠡᠨ ᠬᠠᠮᠵᠢᠯᠴᠠᠭ᠎ᠠ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠦᠴᠦᠲᠡᠢ ᠠᠬᠢᠭᠤᠯᠵᠤ᠂ ᠥᠨᠳᠥᠷ | ᠲᠦᠪᠰᠢᠨ ᠪᠦᠬᠦᠢ ᠬᠠᠷᠢᠯᠴᠠᠨ ᠨᠥᠬᠦᠪᠦᠷᠢᠯᠡᠵᠦ ᠬᠠᠷᠢᠯᠴᠠᠨ ᠠᠰᠢᠭ ᠭᠦᠷᠳᠡᠭᠦ ᠶᠢ ᠪᠡᠶᠡᠯᠡᠭᠦᠯᠬᠦ ᠨᠢ ᠯᠠᠪᠲᠠᠢ ᠶᠤᠮ | ᠭᠡᠵᠦ ᠦᠵᠡᠪᠡ᠃ | ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠵᠤ | ᠦᠢᠯᠡᠰ ᠤᠨ ᠬᠠᠮᠵᠢᠯᠴᠠᠭ᠎ᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠠᠮᠵᠢᠯᠴᠠᠭ᠎ᠠ ᠶᠢ ᠴᠢᠩᠭᠠᠳᠬᠠᠬᠤ ᠵᠡᠷᠭᠡ ᠲᠠᠯ᠎ᠠ ᠶᠢᠨ ᠲᠤᠬᠠᠢ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ | ᠪᠣᠯᠵᠤ᠂ ᠪᠡᠭᠡᠵᠢᠩ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ | ᠲᠣᠬᠢᠷᠠᠯᠴᠠᠪᠠ᠃ |