ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ 6 ᠳ᠋ᠤᠭᠠᠷ ᠰᠠᠷ᠎ᠠ ᠶᠢᠨ 5 ᠤ ᠡᠳᠦᠷ | ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠲᠠᠷᠢᠮᠠᠯ ᠢ ᠲᠠᠷᠢᠭᠰᠠᠨ | ᠲᠠᠯᠠᠪᠠᠶ ᠨᠢᠭᠡᠨᠲᠡ 1 ᠳ᠋ᠦᠩᠰᠢᠭᠤᠷ ᠮᠦ ᠶᠢ ᠳᠠᠪᠠᠵᠤ᠂ ᠤᠯᠤᠰ ᠤᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ | ᠥᠪᠥᠷ ᠮᠣᠩᠭᠤᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠰᠡᠭᠦᠯ ᠬᠤᠷᠢᠶᠠᠬᠤ ᠱᠠᠲᠤᠨ ᠳᠤ ᠪᠠᠨ ᠣᠷᠣᠵᠤ᠂ | ᠠᠬᠢᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2 ᠵᠠᠭᠤᠨ ᠤ ᠴᠡᠭ ᠲᠦᠷᠭᠡᠨ ᠪᠣᠯᠵᠤ᠂ | ᠵᠢᠱᠢᠯᠲᠡ ᠪᠠᠷ 6 ᠳ᠋ᠤᠭᠠᠷ ᠰᠠᠷ᠎ᠠ ᠶᠢᠨ ᠳᠤᠮᠳᠠᠴᠢ ᠪᠠᠷ ᠪᠥᠬᠦ ᠣᠷᠣᠨ ᠤ ᠠᠮᠤ ᠪᠤᠳᠠᠭᠠᠨ ᠤ ᠲᠠᠷᠢᠶᠠᠯᠠᠭ᠎ᠠ | ᠦᠨᠳᠦᠰᠦᠨ ᠳᠤ ᠪᠠᠨ ᠳᠠᠭᠤᠰᠬᠤ ᠪᠣᠯᠣᠨ᠎ᠠ᠃ 8642.8 ᠲᠦᠮᠡᠨ ᠮᠦ ᠠᠮᠤ ᠪᠤᠳᠠᠭᠠᠨ ᠤ ᠲᠠᠷᠢᠮᠠᠯ ᠨᠢᠭᠡᠨᠲᠡ | ᠡᠬᠢᠯᠡᠨ ᠴᠢᠬᠢ ᠭᠠᠷᠴᠤ ᠰᠣᠶᠤᠭᠠᠯᠠᠪᠠ᠃ ᠡᠭᠦᠨ ᠳᠤ ᠨᠢᠭᠡᠳᠦᠭᠡᠷ ︵ᠢᠳᠡᠷᠡᠭᠦᠨ ᠴᠢᠬᠢ︶᠂ ᠬᠤᠶᠠᠳᠤᠭᠠᠷ ︵ | ᠡᠩ ᠤᠨ ᠴᠢᠬᠢ︶ ᠲᠥᠷᠥᠯ ᠤᠨ ᠴᠢᠬᠢ ᠶᠢᠨ ᠡᠵᠡᠯᠡᠬᠦ ᠬᠠᠷᠢᠴᠠᠯ ᠨᠢ 96.7% ᠪᠠᠶᠢᠵᠤ᠂ ᠪᠥᠬᠦ ᠣᠷᠣᠨ ᠤ ᠠᠮᠤ | ᠪᠤᠳᠠᠭᠠᠨ ᠤ ᠦᠢᠯᠡᠳᠪᠦᠷᠢᠯᠡᠯ ᠨᠡᠯᠢᠶᠡᠳ ᠰᠠᠶᠢᠨ ᠪᠠᠶᠢᠳᠠᠯ ᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ | ᠬᠤᠭᠤᠴᠠᠭᠠᠨ ᠳᠠᠬᠢ ᠬᠥᠷᠥᠰᠥᠨ ᠤ ᠰᠢᠮᠡᠳᠬᠡᠯ ᠤᠨ ᠪᠠᠶᠢᠳᠠᠯ ᠶᠡᠷᠦᠩᠬᠡᠢ ᠳᠤ ᠪᠠᠨ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠃ | ᠡᠨᠡ ᠵᠢᠯ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠤᠷᠢᠳᠴᠢᠯᠠᠨ ᠲᠥᠯᠥᠪᠵᠢᠭᠦᠯᠵᠦ᠂ ᠨᠢᠭᠡᠳᠦᠯᠲᠡᠢ | ᠲᠥᠯᠥᠪᠯᠡᠨ ᠪᠠᠶᠢᠷᠢᠯᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠥᠰᠥᠭ ᠵᠢᠷᠤᠬᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠶᠢ ᠬᠤᠪᠢᠶᠠᠷᠢᠯᠠᠨ ᠳᠠᠭᠠᠭᠠᠯᠭᠠᠬᠤ᠂ ᠲᠦᠭᠡᠮᠡᠯ | ᠬᠠᠷᠠᠭᠠᠯᠵᠠᠯᠲᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠲᠥᠷᠥᠯ ᠵᠦᠢᠯ ᠤᠨ ᠪᠡᠯᠡ | ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯ᠎ᠡ | ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭᠠᠲᠤ ᠰᠡᠳᠬᠢᠯᠭᠡ ᠪᠠ ᠢᠳᠡᠪᠬᠢᠵᠢᠯ ᠢ ᠬᠥᠭᠵᠢᠭᠡᠵᠦ | ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠬᠦ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠰᠠᠭᠤᠷᠢ ᠲᠠᠯᠪᠢᠭᠰᠠᠨ ᠪᠠᠶᠢᠨ᠎ᠠ᠃ | ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠤᠯᠠᠭᠠᠨᠰᠤᠬᠠᠢ ᠶᠢᠨ ᠪᠠᠷᠠᠭᠤᠨ ᠡᠷᠭᠢ ᠶᠢᠨ | ᠥᠨᠳᠥᠷ ᠦᠷ᠎ᠡ ᠠᠰᠢᠭᠲᠤ ᠲᠠᠷᠢᠶᠠᠯᠠᠩ ᠤᠨ ᠰᠢᠨ᠎ᠡ ᠶᠢ ᠡᠭᠦᠳᠦᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ | ᠪᠤᠭᠤᠳᠠᠢ ᠲᠠᠷᠢᠬᠤ ᠲᠣᠭᠤᠷᠢᠭ ᠲᠤ᠂ ᠪᠤᠭᠤᠳᠠᠢ ᠶᠢᠨ ᠴᠢᠬᠢ ᠶᠢᠨ ᠤᠷᠭᠤᠯᠲᠠ ᠬᠦᠮᠦᠰ ᠢ ᠪᠠᠶᠠᠰᠬᠠᠨ᠎ᠠ᠃ ᠥᠪᠥᠷ | ᠮᠣᠩᠭᠤᠯ ᠤᠨ ᠾᠧ ᠰᠢᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠪᠠᠢ | ᠧᠨ ᠽᠧ ᠬᠡᠯᠡᠬᠦ ᠳᠤ ᠪᠠᠨ᠂ ᠨᠢᠳᠤᠨᠤᠨ ᠤ ᠳᠠᠷᠢᠭᠰᠠᠨ ᠲᠤᠷᠰᠢᠯᠭ᠎ᠠ ᠠᠴᠠ ᠦᠵᠡᠪᠡᠯ᠂ ᠪᠸᠢ ᠳ᠋ᠸᠦ ᠵᠠᠮᠴᠢᠯᠠᠭᠤᠷ ᠤᠨ | ᠮᠡᠷᠭᠡᠵᠢᠯ ᠢ ᠠᠰᠢᠭᠯᠠᠨ ᠲᠠᠷᠢᠭᠰᠠᠨ ᠭᠠᠵᠠᠷ ᠲᠠᠷᠢᠶᠠᠨ ᠤ ᠠᠰᠢᠭᠯᠠᠯᠲᠠ ᠨᠠᠩ ᠥᠨᠳᠥᠷ᠂ ᠤᠰᠤ ᠪᠣᠷᠳᠣᠭᠤᠷ ᠢ ᠨᠢᠭᠡ | ᠴᠣᠭᠴᠠᠵᠢᠭᠤᠯᠤᠨ ᠤᠰᠤᠯᠠᠬᠤ ᠨᠢ ᠤᠰᠤ ᠪᠠ ᠪᠣᠷᠳᠣᠭᠤᠷ ᠲᠤ ᠠᠷᠪᠢᠲᠠᠢ ᠪᠠᠶᠢᠳᠠᠭ᠃ ︽ᠣᠳᠣᠬᠠᠨ ᠳᠤ | ᠪᠤᠭᠤᠳᠠᠢ ᠶᠢᠨ ᠦᠨᠳᠦᠷ ᠤᠨ ᠬᠡᠮᠵᠢᠶ᠎ᠡ 35 ᠰᠠᠨᠲ᠋ᠢᠮᠧᠳ᠋ᠷ ᠣᠷᠴᠢᠮ ᠪᠣᠯᠵᠤ᠂ ᠲᠠᠷᠢᠶᠠᠨ ᠲᠦᠷᠦᠭᠦᠦ ᠪᠥᠭᠡᠯᠵᠢᠬᠦ | ᠬᠤᠭᠤᠴᠠᠭᠠᠨ ᠳᠤ ᠣᠷᠣᠭᠠᠳ ᠪᠠᠶᠢᠨ᠎ᠠ᠃ ᠵᠢᠱᠢᠯᠲᠡ ᠪᠠᠷ ᠡᠨᠡ ᠵᠢᠯ ᠤᠨ ᠤᠨᠠᠯᠲᠠ ᠠᠳᠠᠭ ᠲᠤ ᠪᠠᠨ 10% ᠠᠴᠠ | ᠳᠡᠭᠡᠭᠰᠢ ᠨᠡᠮᠡᠭᠳᠡᠬᠦ ᠪᠣᠯᠣᠨ᠎ᠠ︾ ᠭᠡᠵᠡᠢ᠃ | ︽ᠠᠮᠤ ᠪᠤᠳᠠᠭᠠᠨ ᠤ ᠭᠠᠷᠤᠯᠲᠠ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ | ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ | ᠲᠤᠭ᠎ᠠ ᠬᠡᠮᠵᠢᠶ᠎ᠡ ᠪᠠᠨ ᠦᠷᠭᠦᠯᠵᠢᠯᠡᠨ ᠨᠡᠮᠡᠭᠳᠡᠭᠦᠯᠬᠦ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠ ᠭᠠᠷᠤᠯᠲᠠ ᠪᠠᠨ | ᠨᠡᠮᠡᠭᠳᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠪᠠᠶᠢᠨ᠎ᠠ᠃︾ ᠭᠡᠵᠦ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠲᠠᠨᠢᠯᠴᠠᠭᠤᠯᠬᠤ ᠳᠤ ᠪᠠᠨ᠂ ᠡᠨᠡ ᠵᠢᠯ | ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠲᠠᠯᠠᠪᠠᠶ ᠶᠢ ᠲᠣᠭᠲᠠᠪᠤᠷᠢᠵᠢᠭᠤᠯᠬᠤ ᠶᠢᠨ ᠬᠠᠮᠲᠤ᠂ ᠠᠮᠤ ᠪᠤᠳᠠᠭᠠᠨ ᠤ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠷᠳᠡᠨᠢ ᠰᠢᠰᠢ᠂ ᠰᠢᠷ᠎ᠠ | ᠪᠤᠷᠴᠠᠭ᠂ ᠪᠤᠭᠤᠳᠠᠢ᠂ ᠲᠥᠮᠥᠰᠥ᠂ ᠤᠰᠤᠨ ᠲᠤᠲᠤᠷᠭ᠎ᠠ ᠵᠡᠷᠭᠡ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ | ᠲᠠᠯ᠎ᠠ ᠪᠠᠷ ᠬᠢ᠂ ᠡᠯ᠎ᠡ ᠲᠦᠷᠦᠯ ᠤᠨ ᠪᠡᠯᠡ ᠮᠥᠩᠭᠦ ᠶᠢ 5 ᠳ᠋ᠦᠩᠰᠢᠭᠤᠷ ᠭᠠᠷᠤᠢ ᠲᠥᠭᠦᠷᠢᠭ ᠨᠡᠶᠢᠳᠬᠡᠨ᠂ ᠴᠢᠨᠠᠷ | ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ 500 ᠲᠦᠮᠡᠨ | ᠮᠦ ᠪᠦᠲᠦᠭᠡᠨ ᠪᠠᠶᠢᠭᠤᠯᠵᠤ᠂ ︽ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠮᠡᠷᠭᠡᠵᠢᠯ᠂ ᠰᠠᠶᠢᠨ ᠲᠣᠬᠢᠶᠠᠯ᠂ | ᠰᠠᠶᠢᠨ ᠳᠦᠷᠢᠮ︾ ᠢ ᠨᠢᠭᠡᠳᠬᠡᠨ᠂ ᠥᠨᠳᠥᠷ ᠤᠨᠠᠯᠲᠠ ᠲᠠᠢ ᠵᠢᠱᠢᠶ᠎ᠡ ᠦᠵᠡᠭᠦᠯᠬᠦ ᠭᠤᠣᠯ ᠴᠣᠭᠴᠠ ᠪᠠ ᠥᠨᠳᠥᠷ | ᠤᠨᠠᠯᠲᠠ ᠲᠠᠢ ᠵᠢᠱᠢᠶ᠎ᠡ ᠦᠵᠡᠭᠦᠯᠬᠦ ᠨᠢᠭᠡ ᠪᠦᠯᠦᠭ ᠲᠣᠰᠬᠤᠨ ᠢ ᠪᠠᠶᠢᠭᠤᠯᠵᠤ᠂ ᠪᠦᠬᠦ ᠣᠷᠣᠨ ᠤ ᠠᠮᠤ ᠪᠤᠳᠠᠭ᠎ᠠ ᠶᠢ | ᠶᠡᠭᠡ ᠲᠠᠯᠠᠪᠠᠢ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠵᠤ ᠪᠠᠶᠢᠨ᠎ᠠ ᠭᠡᠪᠡ᠃ | ︵6 ᠳ᠋ᠤᠭᠠᠷ ᠰᠠᠷ᠎ᠠ ᠶᠢᠨ 12 ᠤᠨ ᠡᠳᠦᠷ ᠤᠨ ︽ᠠᠵᠤ ᠠᠬᠤᠢ ᠶᠢᠨ ᠡᠳᠦᠷ ᠤᠨ ᠰᠣᠨᠢᠨ︾ ᠠᠴᠠ | ᠳᠠᠮᠵᠢᠭᠤᠯᠪᠠ︶ |