6 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠪᠣᠳᠠᠲᠠᠢ ᠲᠠᠢ ᠤᠶᠠᠯᠳᠤᠭᠤᠯᠤᠨ | ᠰᠤᠷᠤᠯᠴᠠᠬᠰᠠᠨ ᠲᠥᠷᠥᠭᠳᠡᠯ ᠢᠶᠠᠨ ᠰᠣᠯᠢᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠲᠤᠬᠠᠢ ᠰᠡᠳᠬᠢᠴᠡ ᠪᠠ ᠠᠷᠭ᠎ᠠ ᠠᠪᠴᠠᠯ ᠢᠶᠠᠨ ᠶᠠᠷᠢᠵᠠᠢ᠃ | ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠪᠠᠰᠠ ᠲᠠᠨᠢᠯᠲᠠ ᠪᠠ | ᠣᠶᠢᠯᠠᠭᠠᠯᠲᠠ ᠪᠠᠨ ᠶᠠᠷᠢᠪᠠ᠃ ᠲᠡᠷᠡ᠂ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠶᠢ ᠭᠠᠷ ᠲᠠᠬᠢ ᠡᠪᠬᠡᠮᠡᠯ᠂ | ᠰᠢᠷᠡᠭᠡᠨ ᠳᠡᠭᠡᠷᠡᠬᠢ ᠨᠣᠮ ᠪᠤᠯᠭᠠᠵᠤ᠂ ᠶᠡᠷᠦᠩᠬᠡᠢ ᠱᠦᠵᠢ ᠶᠢᠨ ᠨᠠᠶᠢᠳᠠᠯᠭ᠎ᠠ ᠶᠢᠨ ᠨᠠᠷᠢᠨ ᠵᠦᠢᠯᠡᠰ᠂ ᠪᠦᠭᠦ ᠲᠠᠯ᠎ᠠ ᠶᠢ | ᠰᠡᠳᠬᠢᠯ ᠳᠡᠭᠡᠨ ᠰᠠᠭᠤᠭᠳᠠᠭᠤᠯᠵᠤ᠂ ᠵᠢᠷᠦᠬᠡᠨ ᠳᠡᠭᠡᠨ ᠬᠠᠳᠠᠩᠰᠢᠭᠤᠯᠵᠤ᠂ ᠪᠣᠳᠠᠲᠠᠢ ᠠᠵᠢᠯ ᠤᠨ ᠳᠤᠮᠳᠠ ᠪᠠᠨ | ᠰᠠᠶᠢᠲᠤᠷ ᠬᠤᠪᠢᠷᠠᠭᠤᠯᠵᠤ᠂ ᠰᠠᠶᠢᠲᠤᠷ ᠬᠡᠷᠡᠭᠯᠡᠬᠦ ᠬᠡᠷᠡᠭᠲᠡᠢ᠃ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠲᠠᠢ ᠬᠠᠷᠭᠤᠭᠤᠯᠤᠨ ᠡᠭᠦᠷᠭᠡ ᠠᠪᠴᠤ᠂ ᠬᠠᠷᠠᠯᠲᠠ ᠪᠠᠨ ᠲᠣᠭᠲᠠᠭᠠᠵᠤ᠂ ᠲᠦᠷᠭᠡᠨ | ᠨᠠᠶᠢᠳᠠᠪᠤᠷᠢᠵᠢᠭᠤᠯᠵᠤ᠂ ᠪᠤᠰᠢᠭᠤ ᠠᠵᠢᠯᠯᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ | ᠪᠠᠶᠢᠭᠠᠳ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ᠭᠤᠣᠯᠳᠠᠯᠭ᠎ᠠ ᠲᠠᠢ ᠠᠵᠤ ᠦᠢᠯᠡᠰ ᠢ ᠰᠠᠶᠢᠲᠤᠷ | ᠪᠦᠲᠦᠭᠡᠨ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠵᠦ᠂ | ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠰᠠᠶᠢᠲᠤᠷ ᠬᠢᠵᠦ᠂ ᠣᠨ ᠤ ᠡᠭᠦᠷᠭᠡ ᠪᠠᠨ ᠲᠣᠳᠣᠷᠬᠠᠶᠢᠯᠠᠵᠤ᠂ ᠱᠠᠲᠤ ᠬᠤᠪᠢᠶᠠᠨ ᠰᠡᠳᠦᠪ ᠢᠶᠠᠨ ᠰᠠᠶᠢᠲᠤᠷ | ᠬᠠᠷᠢᠭᠤᠯᠵᠤ ᠰᠢᠯᠭᠠᠯᠲᠠ ᠪᠠᠨ ᠰᠠᠶᠢᠲᠤᠷ ᠲᠤᠰᠢᠶᠠᠬᠤ ᠬᠡᠷᠡᠭᠲᠡᠢ᠂ ᠶᠠᠭᠠᠬᠢᠭᠰᠠᠨ ᠴᠤ ᠯᠠᠪᠰᠢᠷᠠᠲᠠᠯᠠ ᠯᠠᠪᠯᠠᠵᠤ | ᠬᠡᠪᠰᠢᠷᠡᠲᠡᠯᠡ ᠬᠢᠴᠢᠶᠡᠭᠡᠳ᠂ ᠠᠯᠭᠤᠷᠯᠠᠵᠤ ᠤᠳᠠᠭᠠᠰᠢᠷᠠᠭᠤᠯᠵᠤ ᠪᠤᠯᠬᠤ ᠦᠭᠡᠢ᠃ ᠭᠤᠣᠯᠳᠠᠯᠭ᠎ᠠ ᠶᠢ ᠳᠤᠪᠤᠶᠢᠯᠭᠠᠵᠤ | ᠂ ᠬᠦᠴᠢᠷ ᠠᠰᠠᠭᠤᠳᠠᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠢᠯ ᠢᠶᠠᠨ ᠠᠬᠢᠭᠤᠯᠵᠤ᠂ | ᠲᠥᠪᠯᠡᠷᠡᠭᠦᠯᠦᠨ ᠪᠣᠭᠤᠮᠲᠠ ᠰᠢᠪᠲᠤᠯᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠢᠷ ᠠᠰᠠᠭᠤᠳᠠᠯ ᠢ | ᠰᠢᠢᠳᠪᠦᠷᠢᠯᠡᠬᠦ ᠲᠠᠯ᠎ᠠ ᠪᠠᠷ ᠦᠨᠡᠨ ᠪᠣᠳᠠᠲᠠᠢ ᠠᠷᠭ᠎ᠠ ᠬᠡᠮᠵᠢᠶ᠎ᠡ ᠠᠪᠬᠤ ᠬᠡᠷᠡᠭᠲᠡᠢ᠃ ᠠᠶᠤᠯ ᠲᠦᠭᠰᠢᠭᠦᠷᠢ ᠶᠢ | ᠰᠡᠷᠭᠡᠶᠢᠯᠡᠵᠦ᠂ ᠬᠤᠷᠢᠭ᠎ᠠ ᠱᠤᠭᠤᠮ ᠢ ᠰᠠᠬᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠳᠤᠮᠳᠠ ᠰᠢᠨ᠎ᠡ | ᠠᠮᠵᠢᠯᠲᠠ ᠪᠦᠲᠦᠮᠵᠢ ᠡᠭᠦᠳᠴᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠪᠠᠲᠤᠯᠠᠵᠤ᠂ ᠣᠨᠴᠠᠭᠠᠶᠢᠯᠠᠨ | ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭ᠎ᠠ ᠪᠣᠳᠠᠲᠠᠢ | ᠰᠠᠶᠢᠲᠤᠷ ᠠᠳᠬᠤᠵᠤ᠂ ᠳᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠷᠠᠳ | ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠭᠡᠵᠦ ᠬᠡᠯᠡᠪᠡ᠃ |