ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠨᠢ ᠡᠪᠡᠳᠴᠢᠯᠡᠭᠰᠡᠨ ᠠᠵᠢᠯᠲᠠᠨ ᠠᠵᠢᠯᠴᠢᠨ ᠤ ᠠᠵᠤ ᠠᠬᠤᠢ ᠶᠢᠨ ᠳᠠᠷᠤᠯᠲᠠ ᠶᠢ ᠬᠥᠩᠭᠡᠷᠡᠭᠦᠯᠵᠦ ᠮᠠᠨ ᠤ ᠣᠷᠣᠨ ᠤ 17.1 ᠲᠦᠮᠡ ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2023/6/16
    6 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ 2023 ᠣᠨ ᠤ ︵ᠲᠠᠪᠤᠳᠤᠭᠠᠷ ᠬᠤᠭᠤᠴᠠᠭᠠᠨ ᠤ︶ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠤ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠨᠢᠭᠡᠨᠲᠡ ᠡᠬᠢᠯᠡᠵᠦ᠂ 4 ᠵᠢᠯ ᠤᠨ ᠲᠤᠷᠰᠢ 17.1 ᠲᠦᠮᠡ ᠭᠠᠷᠤᠢ ᠬᠥᠮᠥᠨ ᠤᠳᠠᠭ᠎ᠠ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠠᠰᠢᠭ ᠭᠥᠷᠳᠡᠭᠰᠡᠨ ᠪᠠᠶᠢᠨ᠎ᠠ᠃      ᠪᠥᠬᠦ ᠣᠷᠣᠨ ᠤ ᠥᠷᠭᠡᠨ ᠣᠯᠠᠨ ᠠᠵᠢᠯᠲᠠᠨ ᠠᠵᠢᠯᠴᠢᠨ ᠢ ᠪᠦᠲᠦᠮᠵᠢᠲᠡᠶ ᠪᠠᠷ ᠬᠠᠪᠰᠤᠷᠤᠨ ᠡᠮᠨᠡᠯᠭᠡ ᠳᠤ ᠰᠠᠭᠤᠵᠤ ᠡᠮᠴᠢᠯᠡᠭᠦᠯᠬᠦ ᠠᠴᠠ ᠪᠣᠯᠤᠭᠰᠠᠨ ᠠᠵᠤ ᠠᠬᠤᠢ ᠶᠢᠨ ᠳᠠᠷᠤᠭᠠᠰᠤ ᠶᠢ ᠨᠢ ᠬᠥᠩᠭᠡᠷᠡᠭᠦᠯᠬᠦ ᠶᠢᠨ ᠲᠤᠰᠠᠳᠠ᠂ 2019 ᠣᠨ ᠳᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠥᠬᠦ ᠣᠷᠣᠨ ᠳᠤ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠣᠳᠣᠬᠠᠨ ᠳᠤ ᠨᠢᠭᠡᠨᠲᠡ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠪᠠ ᠡᠮᠡᠭᠲᠡᠶᠢᠴᠦᠳ ᠤᠨ ᠰᠢᠨ ᠺᠠᠩ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠭᠡᠬᠦ ᠬᠤᠶᠠᠷ ᠲᠥᠷᠥᠯ ᠵᠦᠢᠯ ᠢ ᠥᠷᠨᠢᠭᠦᠯᠦᠭᠰᠡᠨ ᠪᠠᠶᠢᠨ᠎ᠠ᠃ 4 ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠡᠮᠨᠡᠯᠭᠡ ᠳᠤ ᠰᠠᠭᠤᠬᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠭᠡᠰᠢᠭᠦᠳ ᠪᠦᠷᠢ ᠳᠤ ᠵᠢᠯ ᠳᠤ 10 ᠲᠥᠭᠦᠷᠢᠭ ᠤᠨ ᠨᠥᠬᠦᠪᠦᠷᠢ ᠣᠯᠭᠤᠬᠤ ᠶᠢ ᠪᠠᠷᠢᠮᠲᠠᠯᠠᠵᠤ᠂ ︽ᠠᠵᠢᠯ ᠤᠨ ᠪᠠᠶᠢᠷᠢ ᠳᠤ ᠪᠠᠨ ᠪᠠᠶᠢᠭ᠎ᠠ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠲᠥᠯᠥᠪᠯᠡᠭᠡ︾ ᠶᠢᠨ ᠬᠠᠮᠤᠭ ᠤᠨ ᠥᠨᠳᠥᠷ ᠨᠥᠬᠦᠪᠦᠷᠢ ᠮᠥᠩᠭᠦ ᠶᠢᠨ ᠲᠤᠭ᠎ᠠ ᠶᠢ 25 ᠲᠦᠮᠡᠨ ᠲᠥᠭᠦᠷᠢᠭ ᠪᠠᠶᠢᠭᠰᠠᠨ ᠠᠴᠠ 50 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠡᠩ ᠤᠨ ᠠᠵᠢᠯᠲᠠᠨ ᠠᠵᠢᠯᠴᠢᠨ ᠤ ᠭᠡᠷ ᠪᠦᠯᠢ ᠶᠢᠨ ᠡᠪᠡᠳᠴᠢᠯᠡᠭᠰᠡᠨ ᠠᠴᠠ ᠪᠣᠯᠵᠤ ᠬᠦᠴᠢᠷᠳᠡᠬᠦ᠂ ᠡᠪᠡᠳᠴᠢᠯᠡᠭᠰᠡᠨ ᠠᠴᠠ ᠳᠠᠬᠢᠨ ᠶᠠᠳᠠᠭᠤᠷᠠᠬᠤ ᠪᠠᠶᠢᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠪᠡ︔ ᠣᠷᠳᠣ ᠬᠤᠭᠤᠴᠠᠭ᠎ᠠ ᠪᠠᠷ ᠡᠮᠨᠡᠭᠦᠯᠬᠦ ᠴᠢᠬᠤᠯᠠᠲᠠᠢ ᠳᠤ ᠨᠢ ᠬᠠᠷᠢᠯᠴᠠᠨ ᠬᠠᠪᠰᠤᠷᠤᠯᠴᠠᠬᠤ ᠨᠥᠬᠦᠪᠦᠷᠢ ᠮᠥᠩᠭᠦ ᠪᠠᠷ ᠳᠠᠮᠵᠢᠭᠤᠯᠤᠨ ᠣᠷᠳᠣ ᠬᠤᠭᠤᠴᠠᠭᠠᠨ ᠤ ᠪᠠᠲᠤᠯᠠᠭ᠎ᠠ ᠳᠡᠮᠵᠢᠯᠭᠡ ᠦᠵᠡᠭᠦᠯᠵᠦ᠂ ᠡᠪᠡᠳᠴᠢᠯᠡᠭᠰᠡᠨ ᠠᠵᠢᠯᠲᠠᠨ ᠠᠵᠢᠯᠴᠢᠨ ᠤ ᠣᠷᠳᠣ ᠬᠤᠭᠤᠴᠠᠭ᠎ᠠ ᠪᠠᠷ ᠡᠮᠨᠡᠭᠦᠯᠬᠦ ᠠᠴᠠ ᠪᠣᠯᠣᠭᠰᠠᠨ ᠠᠵᠤ ᠠᠬᠤᠢ ᠶᠢᠨ ᠳᠠᠷᠤᠯᠲᠠ ᠶᠢ ᠨᠢ ᠬᠥᠩᠭᠡᠷᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号