ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ | ᠦᠨᠳᠦᠰᠦᠯᠡᠪᠡᠯ᠂ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠵᠠᠮ ᠨᠡᠪᠲᠡᠷᠡᠯᠭᠡ ᠶᠢᠨ | ᠰᠦᠢᠳᠬᠡᠯ ᠢ ᠨᠡᠶᠢᠲᠡ 8.53 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠠᠳᠠᠯᠢ | ᠬᠤᠭᠤᠴᠠᠭᠠᠨ ᠤ ᠬᠢ ᠠᠴᠠ 41.3% ᠪᠠᠷ ᠨᠡᠮᠡᠭᠳᠡᠪᠡ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠠᠴᠠ ᠡᠯ᠎ᠡ ᠲᠥᠷᠥᠯ ᠤᠨ ᠵᠠᠮ ᠨᠡᠪᠲᠡᠷᠡᠯᠭᠡ ᠶᠢᠨ ᠰᠦᠢᠳᠬᠡᠯ ᠢᠶᠠᠷ ᠠᠷᠠᠳ ᠲᠤ ᠠᠰᠢᠭ ᠬᠦᠷᠲᠡᠭᠡᠵᠦ | ᠲᠠᠷᠢᠶᠠᠴᠢᠳ ᠲᠤ ᠠᠰᠢᠭ ᠬᠦᠷᠲᠡᠭᠡᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ | ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠨᠢᠭᠡ ᠳᠤ᠂ ︽ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠵᠥᠭᠡᠭᠡᠪᠦᠷᠢᠯᠡᠨ ᠬᠦᠷᠭᠡᠬᠦ | ᠰᠠᠭᠠᠳ ᠦᠭᠡᠢ ᠨᠡᠪᠲᠡᠷᠡᠬᠦ ᠵᠠᠮ ᠤᠨ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ︽ᠬᠤᠯᠢᠰᠢᠨ | ᠢᠳᠡᠭᠡᠨ︾ ᠤ ᠬᠠᠩᠭᠠᠯᠭ᠎ᠠ ᠶᠢ ᠪᠠᠲᠤᠯᠠᠨ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠬᠠᠤᠯᠢ | ᠶᠣᠰᠣᠭᠠᠷ ᠪᠦᠬᠦᠯᠢ ᠲᠡᠷᠭᠡ ᠪᠠᠷ ᠠᠴᠢᠶᠠᠯᠠᠵᠤ ᠲᠡᠭᠡᠭᠡᠪᠦᠷᠢᠯᠡᠭᠰᠡᠨ ᠲᠡᠷᠭᠡ ᠬᠥᠰᠬᠡ ᠠᠴᠠ ᠬᠤᠷᠢᠶᠠᠬᠤ ᠨᠡᠪᠲᠡᠷᠡᠬᠦ | ᠰᠦᠢᠳᠬᠡᠯ ᠢ 17016 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠬᠤᠶᠠᠷ ᠲᠤ᠂ ᠥᠨᠳᠥᠷ ᠬᠤᠷᠳᠤ ᠶᠢᠨ | ᠵᠠᠰᠠᠮᠠᠯ ᠵᠠᠮ ᠤᠨ ᠲᠣᠣᠷ ᠤᠨ ᠨᠡᠪᠲᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠪᠥᠬᠦ ᠣᠷᠣᠨ ᠤ ᠪᠣᠶ ᠪᠦᠬᠦᠢ ᠥᠨᠳᠥᠷ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ | ᠲᠡᠷᠭᠡ ᠬᠥᠰᠬᠡ ᠶᠢᠨ ETC ᠺᠠᠷᠲ ᠢᠶᠠᠷ ᠥᠨᠳᠥᠷ ᠬᠤᠷᠳᠤ ᠶᠢᠨ ᠵᠠᠰᠠᠮᠠᠯ ᠵᠠᠮ ᠤᠨ ᠨᠡᠪᠲᠡᠷᠡᠬᠦ ᠰᠦᠢᠳᠬᠡᠯ ᠢ ᠪᠥᠬᠦ | ᠲᠤᠭ᠎ᠠ ᠪᠠᠷ ᠲᠤᠰᠢᠶᠠᠬᠤ ᠬᠡᠷᠡᠭᠯᠡᠭᠴᠢ ᠠᠴᠠ 9.5 ᠪᠠᠷ ᠨᠤᠭᠤᠯᠵᠤ ᠰᠦᠢᠳᠬᠡᠯ ᠬᠤᠷᠢᠶᠠᠨ᠂ ᠨᠡᠶᠢᠲᠡ 21716 | ᠲᠦᠮᠡᠨ ᠲᠥᠭᠦᠷᠢᠭ ᠢ ᠬᠠᠰᠤᠵᠤ ᠬᠡᠯᠲᠦᠷᠢᠭᠦᠯᠪᠠ᠃ ᠭᠤᠷᠪᠠ ᠳᠤ᠂ ᠴᠢᠬᠤᠯᠠ ᠶᠡᠭᠡ ᠪᠠᠶᠠᠷ ᠳᠤᠷᠠᠰᠬᠠᠯ ᠤᠨ | ᠡᠳᠦᠷ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ ᠨᠡᠪᠲᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠠᠬᠢᠭᠤᠯᠵᠤ᠂ ᠪᠠᠶᠠᠷ ᠳᠤᠷᠠᠰᠬᠠᠯ ᠤᠨ ᠡᠳᠦᠷ ᠤᠨ | ᠬᠤᠭᠤᠴᠠᠭᠠᠨ ᠳᠠᠬᠢ ᠥᠨᠳᠥᠷ ᠬᠤᠷᠳᠤ ᠶᠢᠨ ᠵᠠᠰᠠᠮᠠᠯ ᠵᠠᠮ ᠤᠨ ᠬᠤᠷᠢᠶᠠᠬᠤ ᠰᠦᠢᠳᠬᠡᠯ ᠢ ᠬᠡᠯᠲᠦᠷᠢᠭᠦᠯᠵᠦ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | 7 ᠠᠴᠠ ᠳᠣᠷᠣᠭᠰᠢᠬᠢ ᠰᠠᠭᠤᠳᠠᠯ ᠲᠠᠢ ᠵᠢᠵᠢᠭ ᠬᠡᠯᠪᠡᠷᠢ ᠶᠢᠨ ᠰᠠᠭᠤᠳᠠᠯ ᠤᠨ ᠮᠠᠰᠢᠨ ᠲᠡᠷᠭᠡᠨ ᠤ ᠨᠡᠪᠲᠡᠷᠡᠬᠦ | ᠰᠦᠢᠳᠬᠡᠯ ᠢ 33734 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠠ᠃ ᠳᠥᠷᠪᠡ ᠳᠤ᠂ ᠴᠡᠷᠢᠭ ᠠᠩᠭᠢ ᠪᠠ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠡᠷᠭᠡ ᠬᠥᠰᠬᠡ᠂ ᠭᠠᠮᠰᠢᠭ ᠠᠴᠠ ᠠᠪᠤᠷᠠᠬᠤ ᠡᠭᠦᠷᠭᠡ ᠶᠢ | ᠭᠦᠢᠴᠡᠳᠬᠡᠵᠦ ᠪᠠᠶᠢᠭ᠎ᠠ ᠲᠡᠷᠭᠡ ᠬᠥᠰᠬᠡ ᠵᠡᠷᠭᠡ ᠵᠠᠮ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠦᠷᠦ ᠶᠢᠨ | ᠪᠣᠳᠣᠯᠭ᠎ᠠ ᠳᠤ ᠨᠡᠶᠢᠴᠡᠬᠦ ᠲᠡᠷᠭᠡ ᠬᠥᠰᠬᠡ ᠠᠴᠠ 6790 ᠲᠦᠮᠡᠨ ᠲᠥᠭᠦᠷᠢᠭ ᠤᠨ ᠰᠦᠢᠳᠬᠡᠯ ᠢ ᠬᠠᠰᠤᠵᠤ | ᠬᠡᠯᠲᠦᠷᠢᠭᠦᠯᠪᠡ᠃ ᠲᠠᠪᠤ ᠳᠤ᠂ ᠥᠨᠳᠥᠷ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ | ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠳ᠋ ᠪᠠᠷᠠᠭ᠎ᠠ ᠲᠡᠭᠡᠭᠡᠪᠦᠷᠢᠯᠡᠬᠦ ᠥᠪᠡᠷ ᠤᠨ | ᠥᠷᠲᠡᠭ ᠢ ᠪᠠᠭᠤᠷᠠᠭᠤᠯᠤᠨ᠂ ᠨᠡᠶᠢᠲᠡ 6079 ᠲᠦᠮᠡᠨ ᠲᠥᠭᠦᠷᠢᠭ ᠤᠨ ᠰᠦᠢᠳᠬᠡᠯ ᠢ ᠬᠠᠰᠤᠵᠤ ᠬᠡᠯᠲᠦᠷᠢᠭᠦᠯᠪᠠ᠃ | ᠰᠢᠨ᠎ᠡ ᠡᠨᠧᠷᠭᠢ ᠶᠢᠨ ᠮᠠᠰᠢᠨ ᠲᠡᠷᠭᠡ ᠠᠴᠠ 42 ᠲᠦᠮᠡᠨ ᠲᠥᠭᠦᠷᠢᠭ ᠤᠨ ᠰᠦᠢᠳᠬᠡᠯ ᠢ ᠵᠦᠷᠢᠶᠡᠵᠢᠬᠦᠯᠦᠨ | ᠬᠠᠰᠤᠵᠤ ᠬᠡᠯᠲᠦᠷᠢᠭᠦᠯᠪᠡ᠃ |