6 ᠰᠠᠷ᠎ᠠ ᠶᠢᠨ 16 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ᠂ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ ᠬᠦᠷᠴᠦ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠠᠵᠢᠯ ᠢ ᠨᠢᠭᠤᠷᠳᠠᠨ | ᠪᠠᠶᠢᠷᠢᠯᠠᠭᠤᠯᠵᠤ᠂ ᠨᠢᠭᠡᠳ ᠨᠢᠭᠡ ᠪᠠᠷ ᠠᠩᠬᠠᠷᠴᠤ ᠨᠠᠶᠢᠳᠠᠪᠤᠷᠢᠵᠢᠭᠤᠯᠪᠠ᠃ | ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ᠂ ᠸᠠᠩ ᠯᠢ | ᠰᠢᠶᠠ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ᠂ ᠵᠠᠰᠠᠨ ᠰᠡᠷᠭᠦᠭᠡᠯᠲᠡ ᠪᠠ | ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠢ ᠨᠠᠷᠢᠨ ᠣᠶᠢᠯᠠᠭᠠᠵᠤ᠂ ᠡᠯᠡᠰᠦ ᠶᠢ ᠰᠡᠷᠭᠡᠶᠢᠯᠡᠨ | ᠡᠯᠡᠰᠦᠷᠬᠡᠭᠵᠢᠯ ᠢ ᠵᠠᠰᠠᠬᠤ ᠳᠤ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠵᠤ᠂ ᠦᠢᠯᠡᠳᠪᠦᠷᠢᠯᠡᠯ ᠵᠢᠭᠠᠨ ᠰᠤᠷᠭᠠᠯᠲᠠ | ᠰᠤᠳᠤᠯᠭᠠᠨ ᠬᠡᠷᠡᠭᠯᠡᠯᠲᠡ ᠶᠢᠨ ︽ᠲᠣᠣᠷ︾ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠪᠠᠰᠠ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠢᠲᠡᠭᠡᠯ ᠵᠣᠷᠢᠭ ᠢᠶᠠᠨ ᠨᠡᠮᠡᠭᠳᠡᠭᠦᠯᠵᠦ᠂ | ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠲᠤ ᠭᠠᠷᠴᠤ᠂ ᠵᠠᠬᠢᠶᠠᠯᠠᠭ᠎ᠠ ᠡᠷᠢᠵᠦ᠂ ᠦᠷ᠎ᠡ ᠪᠦᠲᠦᠭᠡᠯ ᠤᠨ | ᠤᠨᠳᠤᠤᠰᠢᠭᠤᠯᠤᠯᠳᠠ ᠶᠢ ᠲᠦᠷᠭᠡᠳᠬᠡᠵᠦ᠂ ᠰᠤᠳᠤᠯᠭᠠᠨ ᠤ ᠦᠷ᠎ᠡ ᠪᠦᠲᠦᠭᠡᠯ ᠢᠶᠠᠨ ᠡᠬᠡ ᠭᠠᠵᠠᠷ ᠳᠡᠭᠡᠷ᠎ᠡ | ᠬᠡᠷᠡᠭᠯᠡᠰᠦᠭᠡᠢ ᠭᠡᠵᠦ ᠵᠣᠷᠢᠭᠵᠢᠭᠤᠯᠪᠠ᠃ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠤᠰᠤᠨ | ᠠᠰᠢᠭᠯᠠᠯᠲᠠ ᠶᠢᠨ ᠲᠢᠩᠬᠢᠮ ᠳᠤ᠂ ᠲᠡᠷᠡ ᠮᠠᠯ ᠪᠡᠯᠴᠢᠭᠡᠷ ᠤᠨ ᠲᠡᠩᠴᠡᠭᠦᠷᠢ᠂ ᠭᠠᠵᠠᠷ ᠰᠢᠷᠣᠢ ᠶᠢᠨ ᠡᠯᠡᠰᠦᠷᠬᠡᠭᠵᠢᠯ | ᠵᠡᠷᠭᠡ ᠬᠢᠨᠠᠨ ᠬᠡᠮᠵᠢᠯᠲᠡ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠨᠠᠷᠢᠨ ᠬᠢᠨᠠᠮᠠᠭᠠᠢ ᠦᠵᠡᠵᠦ᠂ ᠪᠦᠭᠦ ᠣᠷᠣᠨ ᠤ | ᠤᠰᠤᠨ ᠵᠦᠢ ᠶᠢᠨ ᠵᠢᠷᠤᠭ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠮᠡᠳᠡᠭᠡ ᠵᠠᠩᠭᠢ᠂ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠤ ᠤᠰᠤᠨ ᠤ ᠬᠡᠮᠵᠢᠶᠡᠨ ᠤ ᠲᠣᠬᠢᠷᠠᠭᠤᠯᠤᠯᠲᠠ ᠶᠢ ᠲᠤᠬᠠᠢ ᠶᠢᠨ ᠲᠠᠯᠠᠪᠠᠢ ᠳᠤ ᠲᠣᠭᠤᠷᠢᠨ | ᠦᠵᠡᠪᠡ᠃ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ | ᠲᠠᠷᠢᠶᠠᠯᠠᠩ ᠤᠨ ᠲᠤᠷᠰᠢᠯᠲᠠ ᠶᠢᠨ ᠰᠠᠭᠤᠷᠢᠨ ᠳᠤ᠂ ᠸᠠᠩ ᠯᠢ ᠰᠢᠶᠠ ᠦᠷ᠎ᠡ ᠰᠣᠩᠭᠤᠨ ᠦᠷ᠎ᠡ ᠪᠤᠶᠢᠵᠢᠭᠤᠯᠬᠤ᠂ | ᠤᠰᠤ ᠠᠷᠪᠢᠯᠠᠬᠤ ᠳᠤᠰᠤᠯᠭᠠᠨ ᠤᠰᠤᠯᠠᠬᠤ ᠪᠠᠶᠢᠳᠠᠯ᠂ ᠤᠰᠤ ᠠᠷᠪᠢᠯᠠᠬᠤ ᠦᠷ᠎ᠡ ᠪᠦᠲᠦᠮᠵᠢ ᠶᠠᠮᠠᠷ ᠪᠠᠶᠢᠬᠤ᠂ | ᠬᠡᠷᠡᠭᠯᠡᠬᠦ ᠥᠪᠡᠷ ᠤᠨ ᠥᠷᠲᠡᠭ ᠥᠨᠳᠥᠷ ᠪᠠᠶᠢᠬᠤ ᠡᠰᠡᠬᠦ᠂ ᠲᠠᠷᠢᠶᠠᠴᠢᠳ ᠤᠨ ᠭᠥᠯᠢᠶᠡᠨ ᠠᠪᠬᠤ ᠬᠡᠮᠵᠢᠶ᠎ᠡ ᠶᠠᠮᠠᠷ | ᠪᠠᠶᠢᠬᠤ ᠵᠡᠷᠭᠡ ᠶᠢ ᠨᠠᠷᠢᠨ ᠣᠶᠢᠯᠠᠭᠠᠪᠠ᠃ ᠳᠤᠰᠤᠯᠭᠠᠨ ᠤᠰᠤᠯᠠᠬᠤ ᠲᠥᠬᠦᠭᠡᠷᠦᠮᠵᠢ ᠶᠢᠨ ᠤᠰᠤ ᠠᠷᠪᠢᠯᠠᠬᠤ | ᠮᠥᠷᠲᠡᠭᠡᠨ ᠤᠨᠠᠯᠲᠠ ᠶᠢ ᠨᠡᠮᠡᠭᠳᠡᠭᠦᠯᠦᠭᠰᠡᠨ ᠢ ᠦᠵᠡᠭᠡᠳ ᠲᠡᠷᠡ ᠮᠠᠰᠢ ᠪᠠᠶᠠᠷᠯᠠᠵᠤ᠂ ᠲᠤᠷᠰᠢᠯᠲᠠ ᠬᠢᠵᠦ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠲᠠᠷᠢᠶᠠᠯᠠᠩ ᠢ ᠰᠠᠶᠢᠲᠤᠷ ᠪᠤᠶᠢᠵᠢᠭᠤᠯᠤᠨ | ᠬᠥᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠲᠤᠬᠠᠢ ᠶᠢᠨ ᠡᠳᠦᠷ᠂ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠶᠡᠷᠦᠩᠬᠡᠢ | ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠡᠨᠡ ᠬᠦ ︽ᠤᠯᠤᠰ ᠤᠨ ᠲᠣᠮᠣ ᠶᠠᠪᠤᠳᠠᠯ︾ ᠢ ᠪᠠᠲᠤ ᠴᠡᠭᠡᠵᠢᠯᠡᠵᠦ᠂ ᠡᠯᠡᠰᠦ ᠶᠢ ᠰᠡᠷᠭᠡᠶᠢᠯᠡᠵᠦ ᠡᠯᠡᠰᠦᠷᠬᠡᠭᠵᠢᠯ ᠢ | ᠵᠠᠰᠠᠬᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ᠂ ︽ᠬᠥᠯᠥᠨ ᠨᠠᠭᠤᠷ᠂ | ᠤᠯᠠᠭᠠᠨᠰᠤᠬᠠᠢ᠂ ᠲᠠᠭ᠎ᠠ ᠶᠢᠨ ᠨᠠᠭᠤᠷ︾ ᠢ ᠵᠠᠰᠠᠬᠤ ᠠᠵᠢᠯ ᠢ ᠰᠠᠶᠢᠲᠤᠷ ᠬᠢᠵᠦ᠂ ᠨᠡᠯᠦ᠋ᠢᠯᠭᠡᠨ ᠤᠰᠤᠯᠠᠬᠤ᠂ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠡᠷᠭᠡ ᠬᠦᠴᠢᠷ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠣᠲᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠭᠠᠵᠠᠷ ᠰᠢᠷᠣᠢ᠂ ᠦᠷ᠎ᠡ᠂ ᠬᠦᠷᠢᠶᠡᠯᠡᠩ ᠲᠣᠭᠤᠷᠢᠭ᠂ ᠲᠥᠬᠦᠭᠡᠷᠦᠮᠵᠢ᠂ | ᠴᠢᠳᠠᠪᠤᠷᠢᠲᠠᠨ ᠵᠡᠷᠭᠡ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠳᠤᠮᠳᠠᠳᠤ ᠤᠯᠤᠰ ᠤᠨ ᠠᠮᠤ ᠶᠢᠨ | ᠰᠠᠩ ᠳᠤ ᠥᠪᠥᠷ ᠮᠣᠩᠭᠤᠯ ᠤᠨ ᠠᠮᠤ ᠪᠤᠳᠠᠭ᠎ᠠ᠂ ᠮᠢᠬ᠎ᠠ᠂ ᠰᠦ ᠶᠢ ᠢᠯᠡᠭᠦᠬᠡᠨ ᠰᠠᠪᠠᠯᠠᠬᠤ ᠬᠡᠷᠡᠭᠲᠡᠢ᠃ ᠲᠠᠷᠢᠶᠠᠯᠠᠩ | ᠮᠠᠯ ᠠᠵᠤ ᠠᠬᠤᠢ᠂ ᠤᠰᠤᠨ ᠠᠰᠢᠭᠯᠠᠯᠲᠠ᠂ ᠣᠶ ᠰᠢᠭᠤᠢ ᠪᠠ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠳ | ᠰᠠᠶᠢᠨ ᠲᠦᠷᠦᠭᠦᠴᠢ ᠭᠠᠯᠠᠭᠤ ᠪᠣᠯᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠱᠠᠯᠠᠪᠳᠠᠨ | ᠲᠦᠷᠭᠡᠨ ᠰᠢᠢᠳᠪᠦᠷᠢᠯᠡᠵᠦ᠂ ᠶᠡᠷᠦᠩᠬᠡᠢ ᠱᠦᠵᠢ ᠶᠢᠨ ᠲᠤᠰᠢᠶᠠᠭᠰᠠᠨ ᠶᠠᠪᠤᠳᠠᠯ ᠢ ᠪᠦᠭᠦ ᠬᠦᠴᠦᠨ ᠢᠶᠠᠷ ᠢᠶᠠᠨ | ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠠᠶᠢᠴᠢᠨ ᠠᠵᠢᠯᠯᠠᠭ᠎ᠠ ᠳᠤ ᠣᠷᠣᠯᠴᠠᠵᠠᠢ᠃ |