6 ᠰᠠᠷ᠎ᠠ ᠶᠢᠨ 19 ᠤ ᠡᠳᠦᠷ᠂ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠥᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ᠂ ᠭᠤᠣᠯ ᠰᠡᠳᠦᠪᠲᠦ ᠬᠥᠮᠥᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠭᠰᠠᠨ | ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ | ᠰᠡᠳᠦᠪᠲᠦ ᠬᠥᠮᠥᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠥᠪ ᠤᠨ ᠭᠤᠣᠯ ᠰᠡᠳᠦᠪᠲᠦ ᠬᠥᠮᠥᠵᠢᠯ ᠤᠨ ᠬᠤᠯᠪᠣᠭᠳᠠᠯ ᠪᠦᠬᠦᠢ ᠬᠤᠷᠠᠯ ᠪᠣᠯᠣᠨ ᠮᠡᠳᠡᠭᠳᠡᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ | ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠥᠬᠦ ᠨᠠᠮ ᠢᠶᠠᠷ ᠢᠶᠠᠨ ᠭᠤᠣᠯ ᠰᠡᠳᠦᠪᠲᠦ ᠬᠥᠮᠥᠵᠢᠯ ᠢ ᠭᠦᠨᠵᠡᠭᠡᠢ ᠥᠷᠨᠢᠭᠦᠯᠵᠦ ᠪᠠᠶᠢᠭ᠎ᠠ | ᠵᠠᠩᠭᠢᠯᠠᠭ᠎ᠠ ᠶᠢᠨ ᠴᠠᠭ ᠮᠥᠴᠡ ᠳᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠭᠰᠠᠨ ᠨᠢ ᠪᠢᠳᠡᠨ ᠤ ᠭᠤᠣᠯ ᠰᠡᠳᠦᠪᠲᠦ ᠬᠥᠮᠥᠵᠢᠯ ᠢ ᠰᠠᠶᠢᠲᠤᠷ ᠥᠷᠨᠢᠭᠦᠯᠬᠦ ᠳᠤ ᠲᠦᠢᠯ ᠤᠨ | ᠶᠡᠭᠡ ᠵᠣᠷᠢᠭᠵᠢᠭᠤᠯᠤᠯ ᠪᠠ ᠤᠷᠮᠠᠰᠢᠭᠤᠯᠤᠯ ᠪᠣᠯᠪᠠ᠃ ᠶᠡᠷᠦᠩᠬᠡᠢ ᠱᠦᠵᠢ ᠰᠢ ᠶᠢᠨ ᠫᠢᠩ ᠭᠤᠣᠯ ᠰᠡᠳᠦᠪᠲᠦ | ᠬᠥᠮᠥᠵᠢᠯ ᠥᠷᠨᠢᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ︽ᠰᠤᠷᠤᠯᠴᠠᠯᠭ᠎ᠠ ᠪᠠᠷ ᠰᠤᠷᠲᠠᠯ ᠢᠶᠠᠨ | ᠲᠥᠪ ᠪᠣᠯᠭᠠᠬᠤ︾ ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ | ᠦᠨᠳᠦᠰᠦᠨ ᠵᠢᠷᠤᠮᠯᠠᠯ ᠬᠠᠩᠭᠠᠵᠠᠢ᠃ ᠡᠯ᠎ᠡ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ | ᠦᠨᠡᠨ ᠬᠦ ᠭᠤᠣᠯ ᠰᠡᠳᠦᠪᠲᠦ ᠬᠥᠮᠥᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠲᠤᠭᠤᠰᠢᠯᠠᠭᠤᠯᠵᠤ᠂ ᠡᠯ᠎ᠡ | ᠵᠦᠢᠯ ᠤᠨ ᠠᠵᠢᠯ ᠳᠤᠮᠳᠠ ᠪᠠᠨ ᠲᠡᠷᠢᠭᠦᠨ ᠤ ᠪᠣᠯᠬᠤ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ᠲᠠᠪᠤᠨ | ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠡᠪᠲᠡᠷᠡᠭᠦᠯᠬᠦ᠂ ᠣᠷᠭᠠᠨᠢᠭ ᠢᠶᠠᠷ ᠠᠭᠤᠰᠤᠯᠴᠠᠭᠤᠯᠬᠤ ᠶᠢ | ᠠᠬᠢᠭᠤᠯᠵᠤ᠂ ᠡᠬᠢᠨ ᠠᠴᠠ ᠨᠢ ᠠᠳᠠᠭ ᠲᠤᠨᠢ ᠲᠤᠯᠲᠠᠯ᠎ᠠ ᠰᠣᠷᠣᠯᠴᠠᠬᠤ ᠪᠠ ᠬᠢᠬᠦ ᠶᠢ ᠤᠶᠠᠯᠳᠤᠭᠤᠯᠵᠤ᠂ ᠪᠠᠶᠢᠴᠠᠭᠠᠬᠤ | ᠪᠠ ᠰᠠᠶᠢᠵᠢᠷᠠᠭᠤᠯᠬᠤ ᠶᠢ ᠲᠤᠭᠤᠰᠢᠯᠠᠭᠤᠯᠵᠤ᠂ ᠡᠪᠳᠡᠬᠦ ᠪᠠ ᠪᠠᠶᠢᠭᠤᠯᠬᠤ ᠶᠢ ᠨᠢᠭᠡᠳᠬᠡᠵᠦ᠂ ᠭᠤᠣᠯ ᠰᠡᠳᠦᠪᠲᠦ | ᠬᠥᠮᠥᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠲᠣᠭᠲᠠᠭᠰᠠᠨ ᠠᠵᠢᠯᠯᠠᠭ᠎ᠠ ᠶᠢ | ᠰᠠᠶᠢᠲᠤᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠥᠪᠡᠷᠮᠢᠴᠡ ᠣᠨᠴᠠᠯᠢᠭ ᠲᠠᠢ ᠰᠢᠨ᠎ᠡ ᠶᠢ ᠡᠭᠦᠳᠬᠦ ᠠᠷᠭ᠎ᠠ | ᠬᠡᠮᠵᠢᠶ᠎ᠡ ᠶᠢ ᠭᠠᠷᠭᠠᠵᠤ᠂ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠮᠵᠢ ᠶᠢ ᠥᠷᠭᠡᠳᠬᠡᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠣᠨᠣᠯ ᠤᠨ ᠰᠤᠷᠤᠯᠴᠠᠯᠭ᠎ᠠ ᠶᠢ ᠯᠠᠪᠳᠠᠭᠤᠨ ᠪᠠᠲᠤᠲᠠᠢ᠂ ᠠᠯᠬᠤᠮ ᠠᠯᠬᠤᠮ ᠢᠶᠠᠷ ᠭᠦᠨᠵᠡᠭᠡᠢ | ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠣᠷᠣᠯᠴᠠᠬᠤ ᠶᠢ ᠴᠢᠬᠤᠯᠠ ᠠᠭᠤᠯᠭ᠎ᠠ᠂ | ᠲᠡᠷᠢᠭᠦᠨ ᠤ ᠠᠭᠤᠯᠭ᠎ᠠ ᠪᠣᠯᠭᠠᠵᠤ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠴᠤ | ᠪᠠᠶᠢᠭᠠᠳ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠰᠣᠷᠣᠯᠴᠠᠨ ᠣᠶᠢᠯᠠᠭᠠᠬᠤ ᠬᠡᠷᠡᠭᠲᠡᠢ᠃ | ᠲᠥᠪ ᠠᠴᠠ ᠲᠣᠭᠲᠠᠭᠠᠭᠰᠠᠨ ᠠᠭᠤᠯᠭ᠎ᠠ ᠶᠢᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠭᠰᠠᠨ ᠰᠠᠭᠤᠷᠢᠨ | ᠳᠡᠭᠡᠷ᠎ᠡ᠂ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ | ᠵᠡᠷᠭᠡ ᠶᠢᠨ ᠴᠢᠬᠤᠯᠠ ᠥᠭᠦᠯᠡᠯᠲᠡ ᠪᠠ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ︾ ᠶᠢᠨ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ | ᠶᠠᠷᠢᠯᠴᠠᠭ᠎ᠠ ᠥᠷᠨᠢᠭᠦᠯᠵᠦ᠂ ᠣᠨᠣᠯ ᠤᠨ ᠰᠤᠷᠤᠯᠴᠠᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ | ᠭᠠᠷᠭᠠᠬᠤ ᠪᠠᠷ ᠴᠢᠷᠮᠠᠶᠢᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠢᠯᠠᠩᠭᠤᠶ᠎ᠠ ︽ | ᠤᠳᠠᠭᠠᠨ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠠᠷᠤᠯᠲᠠ ᠬᠦᠴᠦᠯᠡᠴᠡ ᠪᠠᠨ ᠨᠡᠮᠡᠭᠳᠡᠭᠦᠯᠦᠨ ︽ | ᠵᠢᠷᠤᠮᠵᠢᠭᠤᠯᠬᠤ᠂ ᠴᠥᠭᠡᠳᠬᠡᠬᠦ᠂ ᠲᠦᠷᠭᠡᠳᠬᠡᠬᠦ︾ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ | ᠡᠬᠡ ᠳᠠᠩᠰᠠ ᠰᠠᠮᠠᠭᠤᠷᠠᠭᠰᠠᠨ︾ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠵᠦ᠂ ᠦᠨᠳᠦᠰᠦᠨ | ᠱᠠᠲᠤᠨ ᠤ ᠳᠠᠷᠤᠭᠠᠰᠤ ᠶᠢ ᠦᠨᠡᠨ ᠪᠣᠳᠠᠲᠠᠢ ᠪᠠᠷ ᠬᠥᠩᠭᠡᠷᠡᠭᠦᠯᠵᠦ᠂ ᠶᠠᠪᠤᠴᠠ ᠶᠢ ᠯᠡ ᠴᠢᠬᠤᠯᠠᠴᠢᠯᠠᠭᠠᠳ ᠦᠷ᠎ᠡ | ᠳ᠋ᠦᠩ ᠢ ᠴᠢᠬᠤᠯᠠᠴᠢᠯᠠᠬᠤ ᠦᠭᠡᠢ ᠪᠠᠶᠢᠬᠤ ᠦᠵᠡᠭᠳᠡᠯ ᠢ ᠡᠷᠡᠰ ᠵᠠᠯᠠᠷᠠᠭᠤᠯᠬᠤ ᠬᠡᠷᠡᠭᠲᠡᠢ᠃ ᠨᠡᠭᠦᠷᠡᠰᠦᠨ ᠤ ᠡᠬᠢ | ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ | ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠴᠢᠮ ᠢᠶᠠᠨ ᠪᠠᠲᠤᠯᠠᠨ᠂ ᠡᠴᠦᠰ ᠲᠤᠨᠢ ᠲᠤᠯᠲᠠᠯ᠎ᠠ | ᠪᠠᠶᠢᠴᠠᠭᠠᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠤᠳᠤᠷᠢᠳᠬᠤ | ᠺᠠᠳ᠋ᠷ ᠲᠦᠷᠦᠭᠦᠯᠡᠨ ᠬᠢᠬᠦ ᠰᠡᠳᠦᠪ ᠢ ᠴᠢᠩᠭ᠎ᠠ ᠠᠩᠬᠠᠷᠴᠤ᠂ ᠪᠠᠶᠢᠳᠠᠯ ᠢ ᠲᠣᠳᠣᠷᠬᠠᠢ ᠡᠵᠡᠮᠰᠢᠵᠦ᠂ ᠠᠰᠠᠭᠤᠳᠠᠯ ᠢ | ᠨᠡᠪᠲᠡᠷᠡᠲᠡᠯ᠎ᠡ ᠰᠤᠳᠤᠯᠵᠤ᠂ ᠠᠷᠭ᠎ᠠ ᠪᠣᠳᠣᠯᠭ᠎ᠠ ᠶᠢ ᠪᠣᠳᠠᠲᠠᠢ ᠲᠣᠭᠲᠠᠭᠠᠵᠤ᠂ ᠦᠷ᠎ᠡ ᠪᠦᠲᠦᠭᠡᠯ ᠢ ᠣᠨᠳᠣᠣᠰᠢᠭᠤᠯᠤᠨ | ᠬᠡᠷᠡᠭᠯᠡᠬᠦ ᠶᠢ ᠰᠠᠶᠢᠲᠤᠷ ᠬᠢᠵᠦ᠂ ︽ᠥᠪᠡᠷ ᠤᠨ ᠬᠢᠭᠰᠡᠨ ᠪᠠᠶᠢᠴᠠᠭᠠᠨ ᠰᠤᠳᠤᠯᠤᠯᠲᠠ ᠪᠠᠨ ᠥᠪᠡᠷ ᠢᠶᠠᠨ ᠠᠬᠢᠭᠤᠯᠬᠤ︾ | ᠶᠢ ᠪᠡᠶᠡᠯᠡᠭᠦᠯᠬᠦ ᠬᠡᠷᠡᠭᠲᠡᠢ᠃ ᠪᠣᠳᠠᠲᠤ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠱᠠᠯᠠᠪᠳᠠᠨ | ᠠᠵᠢᠯᠯᠠᠬᠤ ᠪᠠᠷ ᠳᠠᠮᠵᠢᠨ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ ᠢᠯᠡᠷᠡᠭᠦᠯᠵᠦ᠂ ᠡᠯ᠎ᠡ ᠵᠦᠢᠯ ᠤᠨ | ᠲᠣᠭᠲᠠᠭᠠᠭᠰᠠᠨ ᠠᠵᠢᠯᠯᠠᠭ᠎ᠠ ᠶᠢ ᠨᠢᠭᠡᠳ ᠨᠢᠭᠡ ᠶᠢᠨ ᠪᠣᠳᠠᠲᠤ ᠶᠠᠪᠤᠳᠠᠯ ᠪᠣᠯᠭᠠᠨ ᠨᠠᠶᠢᠳᠠᠪᠤᠷᠢᠵᠢᠭᠤᠯᠬᠤ ᠶᠢ ᠴᠢᠩᠭ᠎ᠠ | ᠠᠳᠬᠤᠵᠤ᠂ ᠪᠠᠶᠢᠴᠠᠭᠠᠨ ᠰᠢᠨᠵᠢᠵᠦ ᠭᠠᠷᠭᠠᠭᠰᠠᠨ ᠡᠯ᠎ᠡ ᠲᠥᠷᠥᠯ ᠤᠨ ᠠᠰᠠᠭᠤᠳᠠᠯ ᠢ ᠬᠦᠴᠦ ᠣᠷᠣᠭᠤᠯᠤᠨ | ᠰᠢᠢᠳᠪᠦᠷᠢᠯᠡᠨ ᠡᠮᠬᠢᠯᠡᠵᠦ᠂ ᠪᠠᠲᠤ ᠴᠢᠩᠭ᠎ᠠ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ | ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠷ ᠲᠣᠭᠲᠠᠭᠰᠠᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠵᠤ ᠦᠷ᠎ᠡ ᠪᠦᠲᠦᠭᠡᠯ ᠭᠠᠷᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠯᠢᠦ ᠱᠤᠸᠠᠩ᠂ ᠯᠢ ᠢᠦᠢ ᠭᠠᠩ᠂ ᠬᠦᠦᠳᠠᠭᠤᠯᠠ᠂ ᠢᠦᠢ ᠯᠢ ᠰᠢᠨ᠂ ᠶᠠᠩ ᠵᠢᠶᠧ ᠨᠠᠷ ᠬᠤᠷᠠᠯ ᠳᠤ | ᠣᠷᠣᠯᠴᠠᠵᠠᠢ᠃ |