ᠰᠦᠨ ᠱᠤᠤ ᠴᠧᠩ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠᠴᠢᠯᠠᠭᠰᠠᠨ ᠨᠢ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠸᠠᠩ ᠯᠢ ᠰᠢᠶᠠ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/6/20
     6 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤᠤ ᠴᠧᠩ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠡᠷᠭᠢᠯᠡᠨ ᠬᠤᠷᠠᠯᠳᠤᠭᠤᠯᠤᠭᠰᠠᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠠ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠣᠶᠢᠯᠠᠭᠠᠵᠤ᠂ ᠭᠤᠣᠯ ᠳᠠᠶᠢᠨ ᠤ ᠲᠠᠯᠠᠪᠤᠷ᠂ ᠭᠤᠣᠯ ᠰᠡᠷᠭᠡᠶᠢᠯᠡᠯᠲᠡ ᠶᠢᠨ ᠱᠤᠭᠤᠮ ᠤᠨ ᠬᠠᠷᠢᠭᠤᠴᠠᠯᠭ᠎ᠠ ᠶᠢ ᠪᠣᠳᠠᠲᠠᠢ  ᠳᠤ ᠨᠠᠶᠢᠳᠠᠪᠤᠷᠢᠵᠢᠭᠤᠯᠵᠤ᠂ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠬᠤ ᠪᠠᠷ ᠪᠠᠷᠠᠬᠤ ᠦᠭᠡᠢ ᠪᠠᠰᠠ ᠴᠤ ᠡᠷᠬᠢᠮ ᠨᠠᠨᠳᠢᠨ ᠬᠥᠭᠵᠢᠯᠲᠡ ᠶᠢᠨ ᠠᠵᠠ ᠲᠣᠭᠢᠶᠠᠯ ᠪᠣᠯᠣᠨ᠎ᠠ᠃ ᠡᠯ᠎ᠡ ᠱᠠᠲᠤᠨ ᠤ ᠬᠢᠨ ᠠᠷᠪᠠᠨ ᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠡᠷᠬᠡ ᠬᠠᠲᠠᠭᠤᠵᠢᠯᠲᠠᠢ ᠴᠢᠨᠠᠷ ᠪᠣᠯᠣᠨ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠳᠠᠷᠤᠢ ᠲᠦᠷᠭᠡᠨ ᠪᠣᠭᠤᠮᠲᠠ ᠰᠢᠪᠲᠤᠯᠬᠤ ᠲᠠᠶᠢᠨ ᠤ ᠦᠶ᠎ᠡ ᠶᠢᠨ ᠪᠠᠶᠢᠳᠠᠯ ᠳᠤ ᠣᠷᠣᠵᠤ᠂ ᠥᠪᠡᠷ ᠤᠨ ᠦᠷᠳᠡᠭ ᠢ ᠪᠤᠳᠤᠬᠤ ᠦᠭᠡᠢ᠂ ᠦᠷᠡᠭᠳᠡᠯ ᠢ ᠪᠤᠳᠤᠬᠤ ᠦᠭᠡᠢ  ᠪᠠᠷ ᠤᠯᠤᠰ ᠲᠦᠷᠦ ᠶᠢᠨ ᠡᠭᠦᠷᠭᠡ ᠶᠢ ᠪᠡᠶᠡᠯᠡᠭᠦᠯᠬᠦ ᠡᠷᠡᠰ ᠪᠠᠲᠤ ᠣᠪᠣᠷ ᠠᠪᠴᠤ᠂ ᠨᠢᠭᠡ ᠰᠡᠳᠬᠢᠯ ᠨᠢᠭᠡ ᠵᠣᠷᠢᠭ ᠢᠶᠠᠷ ᠪᠣᠳᠠᠲᠠᠢ ᠠᠵᠢᠯ ᠬᠢᠬᠦ᠂ ᠬᠠᠲᠠᠭᠤ ᠲᠠᠢ ᠨᠢ ᠬᠠᠯᠳᠠᠵᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠠᠢ ᠠᠳᠬᠤᠵᠤ ᠲᠦᠷᠭᠡᠨ ᠬᠢᠵᠦ ᠦᠷ᠎ᠡ ᠪᠦᠲᠦᠭᠡᠯ ᠭᠠᠷᠭᠠᠬᠤ ᠪᠣᠳᠠᠲᠤ ᠠᠵᠢᠯᠯᠠᠭ᠎ᠠ ᠠᠪᠴᠤ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠵᠣᠷᠢᠭ ᠰᠠᠨᠠᠭ᠎ᠠ ᠪᠠᠷ ︽ᠲᠠᠶᠢᠨ︾ ᠬᠢᠬᠦ ᠬᠡᠷᠡᠭᠲᠡᠢ᠃ ᠰᠤᠳᠤᠯᠤᠨ ᠲᠥᠯᠥᠪᠵᠢᠭᠦᠯᠬᠦ ᠪᠠᠨ ᠴᠢᠩᠭᠠᠳᠬᠠᠵᠤ᠂ ᠪᠠᠶᠢᠳᠠᠯ ᠢ ᠢᠯᠭᠠᠨ ᠤᠷᠢᠳ ᠢᠶᠠᠷ ᠰᠠᠭᠤᠷᠢ ᠲᠤᠭ᠎ᠠ ᠶᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠶᠡᠷᠦᠩᠬᠡᠢ ᠲᠥᠯᠦᠪᠵᠢᠭᠦᠯᠭᠡ ᠪᠠ ᠬᠡᠷᠡᠭᠵᠢᠭᠦᠯᠬᠦ ᠲᠥᠰᠥᠯ ᠢ ᠳᠠᠷᠤᠢ ᠲᠦᠷᠭᠡᠨ ᠭᠠᠷᠭᠠᠬᠤ ᠬᠡᠷᠡᠭᠲᠡᠢ᠃ ᠤᠯᠤᠰ ᠤᠨ ᠳᠡᠮᠵᠢᠯᠭᠡ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠲᠦᠷᠦ ᠶᠢᠨ ᠪᠣᠳᠣᠯᠭ᠎ᠠ ᠶᠢᠨ ᠴᠣᠩᠬᠤᠪᠴᠢ ᠶᠢᠨ ᠬᠤᠭᠤᠴᠠᠭ᠎ᠠ ᠶᠢ ᠵᠠᠪᠳᠤᠨ ᠡᠷᠲᠡᠬᠡᠨ ᠲᠥᠯᠥᠪᠵᠢᠭᠦᠯᠵᠦ᠂ ᠡᠷᠲᠡᠬᠡᠨ ᠵᠣᠯᠭᠠᠭᠤᠯᠵᠤ᠂ ᠢᠯᠡᠭᠦᠬᠡᠨ ᠬᠠᠷᠢᠭᠤ ᠮᠡᠳᠡᠭᠦᠯᠵᠦ᠂ ᠨᠡᠩ ᠤᠯᠠᠨ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠲᠦᠷᠦᠯ ᠵᠦᠢᠯ ᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠰᠢᠨᠵᠢᠯᠡᠬᠦ ᠤᠬᠠᠭᠠᠨᠴᠢ  ᠪᠠᠷ ᠡᠯᠡᠰᠦ ᠶᠢ ᠵᠠᠰᠠᠬᠤ ᠶᠢ ᠪᠠᠷᠢᠮᠲᠠᠯᠠᠵᠤ᠂ ᠪᠦᠲᠦᠮᠵᠢᠲᠡᠢ ᠵᠠᠰᠠᠯᠲᠠ ᠶᠢᠨ ᠵᠠᠭᠪᠤᠷ ᠢ ᠶᠡᠭᠡ ᠪᠠᠷ ᠳᠡᠯᠭᠡᠷᠡᠭᠦᠯᠬᠦ ᠬᠡᠷᠡᠭᠲᠡᠢ᠃ ᠲᠣᠭᠲᠠᠴᠠ ᠶᠢᠨ ᠰᠢᠨ᠎ᠡ ᠶᠢ ᠡᠭᠦᠳᠴᠦ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠵᠤ᠂ ᠲᠣᠭᠲᠠᠴᠠ ᠶᠢᠨ ᠬᠦᠴᠦᠨ ᠳᠤ ᠨᠡᠩ ᠢᠯᠡᠭᠦᠦ ᠲᠦᠰᠢᠭᠯᠡᠵᠦ ᠡᠯ᠎ᠡ ᠲᠠᠯ᠎ᠠ ᠶᠢᠨ ᠬᠢᠨ ᠤ ᠡᠯᠡᠰᠦ ᠶᠢ ᠵᠠᠰᠠᠬᠤ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠡᠯ᠎ᠡ ᠲᠠᠯ᠎ᠠ ᠶᠢᠨ ᠬᠢᠨ ᠤ ᠰᠠᠨᠠᠭᠠᠴᠢᠯᠠᠭ᠎ᠠ ᠠᠴᠠ ᠪᠠᠨ ᠤᠰᠤ ᠠᠷᠪᠢᠯᠠᠬᠤ ᠶᠢ ᠭᠡᠳᠡᠷᠭᠦ ᠰᠢᠬᠠᠮᠳᠠᠭᠤᠯᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠢᠯᠡᠳᠦᠯᠭᠡ ᠪᠠ ᠦᠷ᠎ᠡ ᠪᠦᠲᠦᠮᠵᠢ ᠶᠢ ᠦᠷᠭᠦᠯᠵᠢᠯᠡᠨ᠂ ᠥᠷᠭᠡᠨ ᠳᠡᠯᠭᠡᠷ ᠭᠦᠨᠵᠡᠭᠡᠢ ᠤᠬᠠᠭᠤᠯᠵᠤ᠂ ᠠᠷᠪᠠᠨ ᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠳᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ᠵᠢᠴᠢ ᠠᠯᠪᠠᠨ ᠭᠡᠷ ᠤᠨ ᠠᠵᠢᠯ ᠤᠨ ᠨᠠᠷᠢᠨ ᠳᠦᠷᠢᠮ ᠢ ᠬᠢᠨᠠᠨ ᠵᠥᠪᠯᠡᠵᠦ ᠪᠠᠲᠤᠯᠠᠨ᠂ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠳᠠᠷᠤᠢ ᠲᠦᠷᠭᠡᠨ ᠠᠵᠢᠯ ᠤᠨ ᠪᠠᠶᠢᠳᠠᠯ ᠳᠠᠭᠠᠨ ᠣᠷᠣᠵᠤ᠂ ᠠᠵᠢᠯ ᠢᠶᠠᠨ ᠨᠢᠭᠡᠳᠬᠡᠨ᠂ ᠬᠠᠷᠢᠭᠤᠴᠠᠯᠭ᠎ᠠ ᠪᠣᠯᠣᠨ ᠳᠠᠷᠤᠯᠲᠠ ᠶᠢ ᠳᠠᠮᠵᠢᠭᠤᠯᠵᠤ᠂ ᠡᠯ᠎ᠡ ᠲᠠᠯ᠎ᠠ ᠶᠢᠨ ᠬᠢᠨ ᠤ ᠡᠷᠡᠰ ᠰᠢᠭᠤᠷᠬᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠬᠢᠬᠦ ᠶᠢ ᠱᠠᠯᠠᠪᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠸᠠᠩ ᠯᠢ ᠰᠢᠶᠠ᠂ ᠳᠠᠶᠢᠴᠢᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号