ᠣᠶᠢᠷ᠎ᠠ ᠶᠢᠨ ᠡᠳᠦᠷ ᠤᠳ ᠲᠤ᠂ ᠥᠪᠥᠷ ᠮᠣᠩᠭᠤᠯ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ | ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠠᠪᠤᠴᠠ ᠳᠤ᠂ ︽ᠮᠢᠩᠭ᠎ᠠ ᠲᠦᠮᠡ ᠶᠢᠨ | ᠢᠨᠵᠧᠨᠧᠷᠢᠩ︾᠂ ︽ᠫᠦᠵᠢᠶᠠᠩ ᠤᠨ ᠲᠤᠷᠰᠢᠯᠭ᠎ᠠ︾ ᠶᠢ ᠨᠠᠷᠢᠨ ᠬᠢᠨᠠᠮᠠᠭᠠᠢ ᠰᠤᠷᠤᠯᠴᠠᠨ ᠦᠢᠯᠡᠳᠦᠯᠭᠡᠵᠢᠭᠦᠯᠵᠦ | ᠪᠠᠶᠢᠨ᠎ᠠ᠃ ᠤᠯᠠᠨ ᠢᠶᠠᠷ ᠢᠶᠠᠨ ︽ᠮᠢᠩᠭ᠎ᠠ ᠲᠦᠮᠡ ᠶᠢᠨ ᠢᠨᠵᠧᠨᠧᠷᠢᠩ︾ ᠤᠨ ᠭᠦᠨᠵᠡᠭᠡᠶᠢᠷᠡᠨ ᠪᠣᠲᠠᠲᠠᠶᠢᠵᠢᠬᠤ ᠶᠢ | ᠠᠬᠢᠭᠤᠯᠵᠤ᠂ ︽ᠫᠦᠵᠢᠶᠠᠩ ᠤᠨ ᠲᠤᠷᠰᠢᠯᠭ᠎ᠠ︾ ᠶᠢ ᠰᠠᠶᠢᠲᠤᠷ ᠤᠯᠠᠮᠵᠢᠯᠠᠨ ᠪᠠᠳᠠᠷᠠᠭᠤᠯᠵᠤ ᠦᠢᠯᠡᠳᠦᠯᠭᠡᠵᠢᠭᠦᠯᠬᠦ ᠳᠤ | ᠂ ᠵᠠᠩᠭᠢᠯᠠᠭ᠎ᠠ ᠨᠢ ᠠᠰᠠᠭᠤᠳᠠᠯ ᠳᠤ ᠴᠢᠭᠯᠡᠭᠦᠯᠦᠨ ᠠᠷᠭᠠᠴᠠᠭᠠᠬᠤ ᠠᠷᠭ᠎ᠠ ᠵᠠᠮ ᠰᠦᠪᠡᠭᠴᠢᠯᠡᠵᠦ᠂ ᠠᠷᠭ᠎ᠠ ᠪᠦᠬᠦᠨ ᠢ | ᠬᠡᠷᠡᠭᠯᠡᠨ ᠠᠷᠠᠳ ᠤᠯᠠᠨ ᠳᠤ ᠪᠣᠳᠠᠲᠠᠢ ᠠᠵᠢᠯ ᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠬᠦ ᠳᠤ ᠪᠤᠢ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | 6 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠠᠴᠠ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ︽ᠮᠢᠩᠭ᠎ᠠ ᠲᠦᠮᠡ ᠶᠢᠨ | ᠢᠨᠵᠧᠨᠧᠷᠢᠩ︾ ︽ᠫᠦᠵᠢᠶᠠᠩ ᠤᠨ ᠲᠤᠷᠰᠢᠯᠭ᠎ᠠ︾ ᠶᠢ ᠲᠢᠩᠬᠢᠮ ᠤᠨ ᠰᠢᠰᠲ᠋ᠧᠮ ᠤᠨ ᠬᠢᠨ ᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠬᠦ ᠨᠡᠶᠢᠲᠡᠯᠢᠭ ᠬᠡᠷᠡᠭ ᠤᠨ ᠵᠢᠱᠢᠶ᠎ᠡ ᠵᠢᠭᠠᠬᠤ ᠮᠠᠲ᠋ᠧᠷᠢᠶᠠᠯ ᠪᠣᠯᠭᠠᠵᠤ᠂ ᠲᠡᠭᠦᠨ ᠳᠤ | ᠠᠭᠤᠯᠤᠭᠳᠠᠵᠤ ᠪᠠᠶᠢᠭ᠎ᠠ ᠣᠨᠣᠯᠵᠢᠬᠤᠨ ᠪᠠ ᠠᠷᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ᠂ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠡᠮᠦᠨᠡᠬᠢ ᠬᠤᠭᠤᠴᠠᠭᠠᠨ ᠤ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠲᠠᠢ ᠤᠶᠠᠯᠳᠤᠭᠤᠯᠤᠭᠠᠳ ᠰᠠᠨᠠᠯ ᠢᠶᠠᠨ ᠰᠣᠯᠢᠯᠴᠠᠨ ᠰᠤᠳᠤᠯᠤᠨ ᠶᠠᠷᠢᠯᠴᠠᠵᠤ᠂ | ᠪᠣᠳᠠᠲᠠᠢ ᠠᠴᠠ ᠡᠭᠦᠰᠦᠨ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠪᠣᠳᠠᠲᠠᠢ | ᠠᠵᠢᠯ ᠬᠢᠬᠦ ᠶᠢ ᠪᠠᠷᠢᠮᠲᠠᠯᠠᠵᠤ᠂ ᠭᠡᠷ ᠲᠤ ᠪᠠᠨ ᠰᠠᠭᠤᠭ᠎ᠠ ᠨᠠᠰᠤᠲᠠᠶᠢᠴᠤᠳ ᠲᠤ ᠦᠢᠯᠡᠴᠢᠯᠡᠬᠦ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠶᠡᠭᠡ ᠪᠠᠷ | ᠠᠬᠢᠭᠤᠯᠵᠤ᠂ ᠭᠡᠷ ᠲᠤ ᠪᠠᠨ ᠰᠠᠭᠤᠭ᠎ᠠ ᠨᠠᠰᠤᠲᠠᠶᠢᠴᠤᠳ ᠲᠤ ᠦᠢᠯᠡᠴᠢᠯᠡᠡᠬᠦ ᠨᠡᠶᠢᠭᠡᠮ ᠲᠣᠭᠤᠷᠢᠭ ᠤᠨ | ᠦᠢᠯᠡᠴᠢᠯᠡᠭᠡ ᠶᠢ ᠨᠡᠷᠡᠲᠦ ᠲᠡᠮᠳᠡᠭ ᠪᠣᠯᠭᠠᠬᠤ᠂ ᠬᠡᠯᠬᠢᠶᠡᠵᠢᠭᠦᠯᠬᠦ᠂ ᠬᠡᠪᠴᠢᠶᠡᠵᠢᠭᠦᠯᠦᠨ ᠬᠦᠭᠵᠢᠭᠦᠯᠬᠦ ᠶᠢ ᠬᠥᠲᠥᠯᠥᠨ | ᠵᠢᠯᠤᠭᠤᠳᠴᠤ ᠳᠡᠮᠵᠢᠪᠡ᠃ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ | ᠳᠡᠯᠭᠡᠷᠡᠭᠦᠯᠦᠨ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠡᠰ ᠳᠡᠪᠰᠢᠬᠦ ᠶᠢ | ᠠᠬᠢᠭᠤᠯᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ᠂ ᠣᠯᠠᠨ ᠳᠡᠰ ᠳᠠᠪᠬᠤᠷᠭ᠎ᠠ ᠶᠢᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃ ᠬᠦᠴᠢᠷᠳᠡᠯ ᠲᠠᠢ ᠬᠥᠮᠥᠰ ᠤᠨ ᠦᠨᠳᠦᠰᠦᠨ ᠵᠦᠢᠯ ᠢ | ᠪᠠᠲᠤᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭᠠᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ | ᠨᠡᠶᠢᠭᠡᠮ ᠤᠨ ᠠᠪᠤᠷᠠᠨ ᠲᠤᠰᠠᠯᠠᠯᠲᠠ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠬᠦᠴᠢᠷᠳᠡᠯ ᠲᠠᠢ ᠭᠡᠷ | ᠪᠦᠯᠢ ᠶᠢ ᠪᠠᠲᠤᠯᠠᠵᠤ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠦᠴᠢᠷᠳᠡᠯ ᠲᠠᠢ ᠤᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠦᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ ᠪᠠᠶᠢᠨ᠎ᠠ᠃ ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠠᠴᠠ ︽ᠮᠢᠩᠭ᠎ᠠ ᠲᠦᠮᠡ ᠶᠢᠨ ᠢᠨᠵᠧᠨᠧᠷᠢᠩ︾᠂ ︽ᠫᠦᠵᠢᠶᠠᠩ ᠤᠨ ᠲᠤᠷᠰᠢᠯᠭ᠎ᠠ︾ ᠶᠢᠨ | ᠲᠤᠰᠬᠠᠢ ᠰᠡᠳᠦᠪᠲᠦ ᠰᠤᠷᠤᠯᠴᠠᠯᠭ᠎ᠠ ᠲᠠᠢ ᠤᠶᠠᠯᠳᠤᠭᠤᠯᠵᠤ᠂ ᠬᠦᠴᠢᠷᠳᠡᠯ ᠲᠠᠢ ᠤᠯᠠᠨ ᠲᠦᠮᠡᠨ ᠤ ᠪᠠᠴᠢᠮᠳᠠᠵᠤ | ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠤᠳ ᠲᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠬᠦ | ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠠᠪᠴᠤ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠨᠥᠯᠥᠭᠡᠯᠡᠵᠦ ᠪᠠᠶᠢᠭ᠎ᠠ ᠬᠦᠴᠢᠷ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠭᠤᠣᠯ | ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠬᠤ ᠪᠣᠯᠣᠨ᠎ᠠ᠃ | 6 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ | ᠬᠤᠯᠪᠣᠭ᠎ᠠ ᠠᠴᠠ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠤᠨ ︽ᠮᠢᠩᠭ᠎ᠠ ᠲᠦᠮᠡ ᠶᠢᠨ | ᠢᠨᠵᠧᠨᠧᠷᠢᠩ︾ ︽ᠫᠦᠵᠢᠶᠠᠩ ᠤᠨ ᠲᠤᠷᠰᠢᠯᠭ᠎ᠠ︾ ᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠢ ᠰᠤᠷᠤᠯᠴᠠᠭᠰᠠᠨ ᠤ | ᠬᠠᠮᠲᠤ ᠲᠤᠰᠬᠠᠢ ᠰᠡᠳᠦᠪ ᠢᠶᠠᠷ ᠰᠠᠨᠠᠯ ᠰᠣᠯᠢᠯᠴᠠᠨ ᠰᠤᠳᠤᠯᠤᠨ ᠶᠠᠷᠢᠯᠴᠠᠪᠠ᠃ ︽ᠮᠢᠩᠭ᠎ᠠ ᠲᠦᠮᠡ ᠶᠢᠨ | ᠢᠨᠵᠧᠨᠧᠷᠢᠩ︾᠂ ︽ᠫᠦᠵᠢᠶᠠᠩ ᠤᠨ ᠲᠤᠷᠰᠢᠯᠭ᠎ᠠ︾ ᠭᠡᠬᠦ ᠬᠤᠶᠠᠷ ᠵᠢᠱᠢᠶ᠎ᠡ ᠳᠤ ᠠᠭᠤᠯᠤᠭᠳᠠᠵᠤ ᠪᠠᠶᠢᠭ᠎ᠠ | ᠵᠣᠭᠰᠣᠯᠲᠠ᠂ ᠠᠷᠭ᠎ᠠ᠂ ᠦᠵᠡᠯᠲᠡ ᠶᠢ ᠰᠠᠶᠢᠲᠤᠷ ᠰᠤᠷᠤᠯᠴᠠᠨ ᠬᠡᠷᠡᠭᠯᠡᠵᠦ᠂ ᠲᠡᠭᠦᠨ ᠤ ᠤᠯᠤᠰ ᠲᠦᠷᠦ ᠶᠢᠨ ᠠᠴᠢ | ᠬᠤᠯᠪᠣᠭᠳᠠᠯ᠂ ᠤᠨᠤᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠬᠤ ᠶᠢᠨ ᠬᠠᠮᠲᠤ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ | ᠴᠡᠭᠴᠡᠯᠡᠨ ᠰᠠᠶᠢᠵᠢᠷᠠᠭᠤᠯᠬᠤ ᠳᠤ ᠠᠰᠢᠭᠯᠠᠬᠤ ᠬᠡᠷᠡᠭᠲᠡᠢ︔ ︽ᠮᠢᠩᠭ᠎ᠠ ᠲᠦᠮᠡ ᠶᠢᠨ ᠢᠨᠵᠧᠨᠧᠷᠢᠩ︾᠂ ︽ | ᠫᠦᠵᠢᠶᠠᠩ ᠤᠨ ᠲᠤᠷᠰᠢᠯᠭ᠎ᠠ︾ ᠳᠤ ᠠᠭᠤᠯᠤᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ | ᠰᠢᠰᠲ᠋ᠧᠮᠲᠦ ᠰᠡᠳᠬᠢᠬᠦᠢ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ᠂ ᠳᠠᠪᠰᠢᠩᠭᠤᠢ ᠤᠬᠠᠮᠰᠠᠷ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠪᠣᠳᠠᠲᠠᠢ ᠶᠢ ᠡᠷᠬᠢᠮᠯᠡᠬᠦ ᠰᠤᠷᠲᠠᠯ ᠢ ᠰᠤᠷᠤᠯᠴᠠᠵᠤ᠂ ᠰᠤᠷᠤᠯᠴᠠᠭᠰᠠᠨ | ᠦᠷ᠎ᠡ ᠪᠦᠲᠦᠭᠡᠯ ᠢᠶᠠᠨ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠰᠢᠨ᠎ᠡ | ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠣᠯᠭᠠᠨ ᠦᠨᠡᠨ ᠬᠦ ᠤᠯᠠᠷᠢᠭᠤᠯᠬᠤ ᠬᠡᠷᠡᠭᠲᠡᠢ︔ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠷᠠᠳ ᠲᠦᠮᠡᠨ ᠳᠤ ᠪᠤᠶᠠᠨ | ᠦᠢᠯᠡᠳᠴᠦ᠂ ᠵᠡᠮᠳᠡᠭᠴᠦᠳ ᠲᠤ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ | ᠮᠡᠳᠡᠷᠡᠭᠦᠯᠬᠦ ᠬᠡᠷᠡᠭᠲᠡᠢ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃ |