ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠭᠠᠵᠠᠷ ᠰᠢᠷᠣᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠲᠤᠯᠭᠠᠭᠤᠷᠢᠯᠠᠯ ᠬᠠᠩᠭᠠᠨ᠎ᠠ
ᠨᠡᠶᠢᠲᠡᠯᠡᠭᠰᠡᠨ ᠴᠠᠭ᠄
2023/6/21
     6 ᠰᠠᠷ᠎ᠠ ᠶᠢᠨ 12 ᠤᠨ ᠡᠳᠦᠷ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠥᠪᠥᠷ ᠮᠣᠩᠭᠤᠯ ᠤᠨ ᠴᠤᠸᠠᠩ ᠾᠧᠩ ᠭᠡᠷᠡᠯᠴᠢ ᠴᠡᠨᠡᠭ ᠤᠨ ᠵᠢᠶᠠᠰᠠ ᠦᠢᠯᠡᠳᠪᠦᠷᠢᠯᠡᠬᠦ ᠲᠥᠷᠥᠯ ᠵᠦᠢᠯ ᠤᠨ ᠬᠠᠷᠢᠭᠤᠴᠠᠯᠭᠠᠲᠠᠨ ᠵᠣᠣ ᠭᠦᠸᠧ ᠳ᠋ᠦᠩ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠤᠳᠠᠯᠳᠤᠬᠤ ᠭᠡᠷ᠎ᠡ︾᠂ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾᠂ ︽ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ︾ ᠪᠠ ︽ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ︾ ᠢ ᠳᠤᠰᠤᠭᠰᠠᠨ ᠪᠠᠶᠢᠨ᠎ᠠ᠃      5 ᠦᠨᠡᠮᠯᠡᠯ ᠢ ᠵᠡᠷᠭᠡ ᠳᠤᠨᠢ ᠣᠯᠭᠤᠵᠤ᠂ ᠭᠠᠵᠠᠷ ᠲᠤᠰᠢᠶᠠᠬᠤ ᠶᠢᠨ ᠳᠠᠭᠠᠤ ᠦᠨᠡᠮᠯᠡᠯ ᠣᠯᠭᠤᠬᠤ ᠶᠢ ᠪᠡᠶᠡᠯᠡᠭᠦᠯᠪᠡ᠃ ᠡᠨᠡ ᠨᠢ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︽ᠭᠠᠵᠠᠷ ᠲᠤᠰᠢᠶᠠᠪᠠᠯ ᠳᠠᠷᠤᠢ ᠦᠨᠡᠮᠯᠡᠯ ᠣᠯᠭᠤᠬᠤ︾ ᠦᠢᠯᠡᠴᠢᠯᠡᠭᠡᠨ ᠤ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠤᠢ ᠃ ︽ᠥᠩᠭᠡᠷᠡᠭᠰᠡᠨ ᠳᠤ ᠡᠲᠡᠭᠡᠷ ᠦᠨᠡᠮᠯᠡᠯ ᠢ ᠭᠦᠢᠴᠡᠳᠬᠡᠬᠦ ᠳᠤ ᠣᠯᠠᠨ ᠴᠠᠭ ᠬᠡᠷᠡᠭᠰᠡᠳᠡᠭ᠂ ᠣᠲᠣ ︿ᠭᠠᠵᠠᠷ ᠲᠤᠰᠢᠶᠠᠪᠠᠯ ᠳᠠᠷᠤᠢ ᠦᠨᠡᠮᠯᠡᠯ ᠣᠯᠭᠤᠬᠤ﹀ ᠨᠢ ᠴᠠᠭ ᠠᠷᠪᠢᠯᠠᠵᠤ᠂ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠵᠦ ᠪᠠᠶᠢᠬᠤ ᠶᠢ ᠦᠨᠡᠨ ᠬᠦ ᠮᠡᠳᠡᠷᠡᠭᠦᠯᠵᠦ ᠪᠠᠶᠢᠨ᠎ᠠ︾ ᠭᠡᠵᠦ ᠵᠤᠤ ᠭᠦᠸᠧ ᠳ᠋ᠦᠩ ᠪᠠᠶᠠᠷᠲᠠᠢ ᠬᠡᠯᠡᠨ᠎ᠡ᠃      ᠪᠦᠭᠦ ᠲᠠᠯ᠎ᠠ ᠪᠠᠷ ᠣᠨᠣᠴᠠᠲᠠᠢ ᠦᠢᠯᠡᠴᠢᠯᠡᠬᠦ ᠣᠶᠢᠯᠠᠭᠠᠭᠳᠠᠬᠤᠨ ᠢ ᠪᠤᠢ ᠪᠤᠯᠭᠠᠵᠤ᠂ ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠪᠣᠯ ᠮᠠᠨ ᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠠᠮᠢᠳᠤᠯᠢᠭ ᠦᠢᠯᠡᠳᠦᠯᠭᠡ ᠪᠤᠯᠬᠤ ᠶᠤᠮ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠳᠡᠯᠭᠡᠷᠡᠭᠦᠯᠵᠦ᠂ ᠲᠤᠬᠠᠢ ᠶᠢᠨ ᠭᠠᠵᠠᠷ ᠲᠤ ᠠᠵᠢᠯᠯᠠᠭᠠᠨ ᠤ ᠬᠡᠷᠡᠭ ᠤᠨ ᠵᠢᠱᠢᠶ᠎ᠡ ᠶᠢ ᠪᠠᠶᠢᠴᠠᠭᠠᠨ ᠦᠵᠡᠬᠦ ᠵᠡᠷᠭᠡ ᠠᠷᠭ᠎ᠠ ᠭᠡᠯᠪᠡᠷᠢ ᠪᠠᠷ ᠴᠢᠬᠤᠯᠠ ᠶᠡᠭᠡ ᠲᠥᠷᠥᠯ ᠵᠦᠢᠯ ᠢ ᠲᠦᠷᠭᠡᠨ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠤᠭᠳᠠᠬᠤ ᠶᠢ ᠪᠠᠲᠤᠯᠠᠪᠠ᠃ ᠮᠠᠲ᠋ᠧᠷᠢᠶᠠᠯ ᠢ ᠴᠣᠮᠬᠠᠳᠬᠠᠬᠤ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠣᠭᠤᠨᠢᠰᠬᠠᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠤᠨ ᠲᠣᠭᠤᠷᠢᠨ ᠳᠤ᠂ ᠠᠭᠤᠷᠬᠠᠢ ᠪᠠ ᠠᠵᠤ ᠠᠬᠤᠶᠢᠯᠠᠯ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠴᠢᠬᠤᠯᠠ ᠶᠡᠭᠡ ᠲᠥᠷᠥᠯ ᠵᠦᠢᠯ ᠳᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 5000 ᠲᠦᠮᠡ ᠠᠴᠠ ᠳᠡᠭᠡᠭᠰᠢ ᠪᠡᠯᠡ ᠣᠷᠣᠭᠤᠯᠤᠭᠰᠠᠨ᠂ ᠠᠵᠤ ᠠᠬᠤᠶᠢᠯᠠᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠭᠰᠠᠨ ᠲᠥᠷᠥᠯ ᠵᠦᠢᠯ ᠴᠢᠬᠤᠯᠠ ᠶᠡᠭᠡ ᠡᠨᠧᠷᠭᠢ ᠶᠢᠨ ᠲᠥᠷᠥᠯ ᠵᠦᠢᠯ ᠳᠤ ᠭᠠᠷᠠᠭ ᠢᠶᠠᠷ ᠲᠣᠬᠢᠷᠠᠭᠤᠯᠤᠯᠲᠠ ᠬᠢᠬᠦ ᠲᠣᠭᠲᠠᠴᠠ ᠶᠢ ᠬᠡᠷᠡᠭᠯᠡᠵᠦ᠂ ᠲᠤᠰᠬᠠᠢ ᠬᠥᠮᠥᠨ ᠲᠣᠬᠢᠷᠠᠭᠤᠯᠤᠨ ᠬᠢᠨᠠᠨ ᠭᠦᠢᠴᠡᠳᠬᠡᠭᠦᠯᠵᠦ ᠪᠠᠶᠢᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠡᠪᠬᠡᠮᠡᠯ ᠪᠠᠶᠢᠭᠤᠯᠬᠤ ᠠᠵᠢᠯ ᠳᠤ ᠤᠷᠢᠳᠴᠢᠯᠠᠨ ᠣᠷᠤᠯᠴᠠᠬᠤ ᠪᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠬᠠᠪᠰᠤᠷᠤᠨ ᠵᠢᠯᠤᠭᠤᠳᠬᠤ ᠶᠢ ᠰᠠᠶᠢᠲᠤᠷ ᠬᠢᠵᠦ᠂ ᠲᠥᠷᠥᠯ ᠵᠦᠢᠯ ᠢ ᠪᠣᠳᠠᠲᠠᠶᠢᠵᠢᠭᠤᠯᠬᠤ ᠳᠤ ᠲᠥᠷᠥ ᠶᠢᠨ ᠪᠣᠳᠣᠯᠭ᠎ᠠ ᠶᠢᠨ ᠠᠰᠢᠭ ᠢ ᠰᠢᠭᠤᠳ ᠬᠦᠷᠲᠡᠭᠡᠵᠡᠢ᠃      ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠣᠲᠣ ᠶᠢᠨ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠰᠢᠰᠲ᠋ᠧᠮ ᠳᠤ ᠲᠣᠬᠢᠷᠠᠭᠤᠯᠤᠯᠲᠠ ᠬᠢᠵᠦ ᠰᠢᠯᠢᠳᠡᠭᠵᠢᠭᠦᠯᠦᠨ᠂ ᠠᠦ᠋ᠲ᠋ᠣ᠋ ᠳ᠋ᠤᠭᠠᠷᠯᠠᠬᠤ᠂ ᠴᠠᠬᠢᠮ ᠴᠢᠮᠡᠭᠡ ᠪᠠᠷ ᠰᠠᠨᠠᠭᠤᠯᠬᠤ᠂ ᠠᠦ᠋ᠲ᠋ᠣ᠋ ᠵᠠᠳᠠᠯᠤᠯᠲᠠ ᠬᠢᠬᠦ ᠵᠡᠷᠭᠡ ᠴᠢᠳᠠᠮᠵᠢ ᠶᠢ ᠨᠡᠮᠡᠭᠳᠡᠭᠦᠯᠵᠦ᠂ ᠭᠠᠵᠠᠷ ᠰᠢᠷᠣᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠣᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠪᠡ᠃ ᠣᠲᠣ ᠶᠢᠨ ᠪᠠᠶᠢᠭ᠎ᠠ ᠬᠢᠨᠠᠨ ᠵᠥᠪᠰᠢᠶᠡᠷᠡᠬᠦ ᠰᠢᠰᠲ᠋ᠧᠮ ᠤᠨ ᠰᠠᠭᠤᠷᠢᠨ ᠳᠡᠭᠡᠷ᠎ᠡ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ 4 ᠱᠠᠲᠤᠨ ᠤ ᠰᠢᠰᠲ᠋ᠧᠮ ᠤᠨ ᠬᠠᠷᠢᠯᠴᠠᠨ ᠬᠤᠯᠪᠣᠭᠠᠯᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠪᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠭᠠᠵᠠᠷ ᠰᠢᠷᠣᠢ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠯ᠎ᠠ ᠶᠢᠨ ᠳᠡᠮᠵᠢᠯᠭᠡ ᠦᠵᠡᠭᠦᠯᠦᠭᠰᠡᠨ ᠪᠠᠶᠢᠨ᠎ᠠ᠃      ᠠᠰᠠᠭᠤᠳᠠᠯ ᠳᠤ ᠴᠢᠭᠯᠡᠭᠦᠯᠵᠦ᠂ ᠦᠨᠡᠨ ᠬᠦ ᠬᠦᠴᠦ ᠣᠷᠣᠭᠤᠯᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠪᠠ᠃ ᠣᠳᠣᠬᠠᠨ ᠳᠤ᠂ ᠪᠦᠭᠦ ᠣᠷᠣᠨ ᠤ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ᠂ ᠭᠠᠵᠠᠷ ᠰᠢᠷᠣᠢ ᠤᠷᠢᠳ ᠢᠶᠠᠷ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠨ ᠰᠢᠯᠵᠢᠭᠦᠯᠦᠨ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠳᠤ ᠴᠥᠮ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠂ ᠰᠦᠯᠵᠢᠶᠡᠨ ᠳᠡᠭᠡᠷ᠎ᠡ ᠴᠣᠬᠤᠯᠠᠪᠤᠷᠢᠯᠠᠬᠤ ᠪᠢᠴᠢᠭ ᠮᠠᠲ᠋ᠧᠷᠢᠶᠠᠯ ᠲᠠᠷᠬᠠᠭᠠᠬᠤ ᠶᠢ ᠪᠡᠶᠡᠯᠡᠭᠦᠯᠪᠡ᠃ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠢ ᠬᠢᠨᠠᠨ ᠵᠥᠪᠰᠢᠶᠡᠷᠡᠬᠦ ᠴᠠᠭ ᠢ 10 ᠠᠵᠢᠯᠯᠠᠬᠤ ᠡᠳᠦᠷ ᠪᠠᠶᠢᠭᠰᠠᠨ ᠠᠴᠠ ᠪᠣᠭᠤᠨᠢᠰᠬᠠᠭᠠᠳ 7 ᠠᠵᠢᠯᠯᠠᠬᠤ ᠡᠳᠦᠷ ᠪᠤᠯᠭᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠴᠠᠭ ᠢ 12 ᠠᠵᠢᠯᠯᠠᠬᠤ ᠡᠳᠦᠷ ᠪᠠᠶᠢᠭᠰᠠᠨ ᠠᠴᠠ ᠪᠣᠭᠤᠨᠢᠰᠬᠠᠭᠠᠳ 10 ᠠᠵᠢᠯᠯᠠᠬᠤ ᠡᠳᠦᠷ ᠪᠣᠯᠭᠠᠪᠠ᠃ ᠲᠤᠰᠠᠭᠠᠷ ᠭᠠᠵᠠᠷ ᠰᠣᠩᠭᠤᠬᠤ ᠲᠦᠷᠦᠯ ᠵᠦᠢᠯ ᠢ ᠬᠢᠨᠠᠨ ᠵᠥᠪᠰᠢᠶᠡᠷᠡᠬᠦ ᠭᠠᠷ ᠤᠨ ᠥᠰᠥᠭ ᠵᠢᠷᠤᠬᠤ ᠭᠠᠵᠠᠷ ᠤᠨ ᠲᠠᠰᠤᠭ ᠢ 13 ᠪᠠᠶᠢᠭᠰᠠᠨ ᠠᠴᠠ ᠪᠠᠭᠠᠰᠬᠠᠭᠠᠳ 7 ᠪᠤᠯᠭᠠᠵᠤ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠤᠷᠳᠤᠴᠠ ᠶᠢ ᠳᠠᠭᠢᠨ ᠲᠦᠷᠭᠡᠳᠬᠡᠪᠡ᠃      5 ᠰᠠᠷ᠎ᠠ ᠶᠢᠨ 31 ᠤ ᠡᠳᠦᠷ ᠪᠤᠯᠲᠠᠯ᠎ᠠ᠂ ᠪᠦᠭᠦ ᠣᠷᠣᠨ 2023 ᠣᠨ ᠤ ᠵᠠᠰᠠᠭ ᠤᠨ ᠣᠷᠳᠣᠨ ᠤ 5000 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠭᠰᠠᠨ᠂ ᠠᠵᠤ ᠠᠬᠤᠶᠢᠯᠠᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠢ 3168 ᠬᠡᠷᠡᠭᠵᠢᠭᠦᠯᠬᠦ ᠪᠠᠷ ᠲᠥᠯᠥᠪᠯᠡᠵᠦ᠂ ᠭᠠᠵᠠᠷ ᠬᠡᠷᠡᠭᠯᠡᠬᠦ ᠭᠠᠷᠳᠠᠮ ᠢ 1772 ᠭᠦᠢᠴᠡᠳᠬᠡᠵᠦ᠂ ᠨᠢᠭᠡᠨᠲᠡ 1575 ᠭᠠᠵᠠᠷ ᠬᠡᠷᠡᠭᠯᠡᠬᠦ ᠭᠠᠷᠳᠠᠮ ᠢ ᠣᠯᠵᠤ᠂ ᠭᠦᠢᠴᠡᠳᠬᠡᠵᠦ ᠳᠠᠭᠤᠰᠬᠠᠭᠰᠠᠨ ᠨᠣᠷᠮ᠎ᠠ 89% ᠳᠤ ᠭᠦᠷᠪᠡ᠃      ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠬᠢᠨ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠣᠳᠠᠲᠠᠢ ᠠᠵᠢᠯ ᠳᠤ ᠠᠭᠤᠰᠤᠯᠴᠠᠭᠤᠯᠤᠨ ᠲᠤᠭᠤᠰᠢᠯᠠᠭᠤᠯᠵᠤ᠂ ᠦᠷ᠎ᠡ ᠪᠦᠳᠦᠮᠵᠢᠳᠡᠢ ᠠᠵᠢᠯᠯᠠᠬᠤ ᠶᠢ ᠪᠠᠲᠤᠯᠠᠵᠤ᠂ ᠪᠦᠭᠦ ᠣᠷᠣᠨ ᠤ ᠴᠢᠬᠤᠯᠠ ᠶᠡᠭᠡ ᠲᠥᠷᠥᠯ ᠵᠦᠢᠯ ᠳᠤ ᠪᠠᠲᠤ ᠪᠠᠬᠢ ᠭᠠᠵᠠᠷ ᠰᠢᠷᠣᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠲᠤᠯᠭᠠᠭᠤᠷᠢᠯᠠᠯ ᠬᠠᠩᠭᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号