6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠠᠴᠠ ᠲᠤᠭ᠎ᠠ ᠪᠠᠷᠢᠮᠲᠠ ᠨᠡᠶᠢᠲᠡᠯᠡᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ | ᠠᠮᠠᠷᠠᠯᠲᠠ ᠶᠢᠨ ᠠᠩᠬᠠᠨ ᠤ ᠡᠳᠦᠷ ᠲᠤ᠂ ᠪᠥᠬᠦ ᠣᠷᠣᠨ ᠤ ᠬᠡᠪᠴᠢᠶᠡᠨ ᠳᠤ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢᠳ ᠢ 242.37 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ | ᠵᠢᠭᠤᠯᠴᠢᠯᠠᠯ ᠤᠨ ᠣᠷᠣᠯᠭ᠎ᠠ ᠶᠢ 14.02 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠭᠦᠨ ᠳᠤ ᠨᠢᠭᠡ ᠡᠳᠦᠷ ᠤᠨ | ᠵᠢᠭᠤᠯᠴᠢᠯᠠᠭᠴᠢᠳ ᠢ 158.63 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠬᠤᠨᠤᠭ ᠥᠨᠵᠢᠭᠰᠡᠨ | ᠵᠢᠭᠤᠯᠴᠢᠯᠠᠭᠴᠢᠳ ᠢ 83.73 ᠲᠦᠮᠡᠨ ᠬᠥᠮᠥᠨ ᠤᠳᠠᠭ᠎ᠠ ᠬᠦᠯᠢᠶᠡᠨ ᠠᠪᠴᠤ ᠵᠣᠴᠢᠯᠠᠪᠠ᠃ | ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠳᠤ ᠵᠢᠭᠤᠯᠴᠢᠯᠠᠯ ᠤᠨ ᠬᠠᠯᠠᠮᠰᠢᠯ ᠤᠯᠠᠷᠢᠯ ᠬᠦᠷᠴᠦ ᠢᠷᠡᠪᠡ᠂ ᠪᠥᠬᠦ ᠣᠷᠣᠨ ᠤ ᠡᠯ᠎ᠡ | ᠭᠠᠵᠠᠷ ᠤᠨ ᠬᠢᠨ ᠴᠠᠭ ᠲᠣᠬᠢᠶᠠᠯ ᠢ ᠠᠮᠵᠢᠨ᠂ ᠵᠢᠭᠤᠯᠴᠢᠯᠠᠭᠴᠢᠳ ᠤᠨ ᠳᠤᠷ᠎ᠠ ᠰᠣᠨᠢᠷᠬᠠᠯ ᠢ ᠲᠠᠲᠠᠭᠰᠠᠨ ᠡᠯ᠎ᠡ | ᠵᠦᠢᠯ ᠤᠨ ᠠᠵᠢᠯᠯᠠᠭ᠎ᠠ ᠥᠷᠨᠢᠭᠦᠯᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ | ᠬᠤᠭᠤᠴᠠᠭ᠎ᠠ ᠪᠠᠨ ᠤᠭᠲᠤᠨ ᠠᠪᠤᠯ᠎ᠠ᠃ ᠹᠧᠢ ᠵᠦ ᠵᠡᠷᠭᠡ OTA ︵ᠰᠦᠯᠵᠢᠶᠡᠨ ᠳᠡᠭᠡᠷᠡᠬᠢ ᠵᠢᠭᠤᠯᠴᠢᠯᠠᠯ ᠤᠨ | ᠺᠣᠮᠫᠠᠨᠢ︶ ᠲᠠᠪᠴᠠᠩ ᠤᠨ ᠲᠤᠭ᠎ᠠ ᠪᠠᠷᠢᠮᠲᠠ ᠠᠴᠠ ᠦᠵᠡᠪᠡᠯ᠂ ᠥᠪᠥᠷ ᠮᠣᠩᠭᠤᠯ ᠤᠨ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠤᠷᠢᠳᠴᠢᠯᠠᠭᠰᠠᠨ | ᠵᠠᠬᠢᠶᠠᠯᠠᠭ᠎ᠠ ᠮᠠᠰᠢ ᠬᠥᠭᠵᠢᠶᠡᠨᠲᠡᠢ ᠪᠠᠶᠢᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨ ᠡᠬᠢ ᠪᠠᠶᠠᠯᠢᠭ ᠤᠨ | ᠳᠠᠪᠠᠭᠤᠯᠢᠭ ᠲᠤ ᠪᠠᠨ ᠲᠦᠰᠢᠭᠯᠡᠨ᠂ ᠱᠣᠷᠣᠯᠠᠭ᠎ᠠ᠂ ᠬᠡᠭᠡᠷ᠎ᠡ ᠪᠠᠭᠤᠳᠠᠯᠯᠠᠬᠤ᠂ ᠵᠢᠮᠢᠰ ᠨᠣᠭᠤᠭ᠎ᠠ ᠲᠡᠭᠦᠬᠦ᠂ ᠬᠠᠭᠤᠷᠠᠢ | ᠴᠠᠨ᠎ᠠ ᠪᠠᠷ ᠭᠤᠯᠭᠤᠬᠤ᠂ ᠰᠢᠬᠠᠭᠤᠷ ᠤᠨ ᠵᠠᠮ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠪᠠᠨ ᠡᠬᠢᠯᠡᠭᠦᠯᠵᠦ᠂ ᠥᠷᠭᠡᠨ ᠣᠯᠠᠨ | ᠵᠢᠭᠤᠯᠴᠢᠯᠠᠭᠴᠢᠳ ᠤᠨ ᠳᠤᠷ᠎ᠠ ᠰᠣᠨᠢᠷᠬᠠᠯ ᠢ ᠲᠡᠳᠡᠭ᠌ᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠥᠷᠭᠡᠨ ᠤᠯᠠᠨ | ᠵᠢᠭᠤᠯᠴᠢᠯᠠᠭᠴᠢᠳ ᠲᠤ ᠰᠠᠨᠠᠭᠤᠯᠤᠭᠰᠠᠨ ᠨᠢ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠤ ᠠᠷᠠᠳ ᠤᠨ ᠵᠠᠩ ᠦᠢᠯᠡ ᠶᠢᠨ ᠠᠵᠢᠯᠯᠠᠭ᠎ᠠ ᠤᠯᠠᠨ᠂ ᠡᠭᠦᠨ ᠤ ᠳᠡᠭᠡᠷ᠎ᠡ | ᠦᠶᠡᠷ ᠤᠨ ᠬᠤᠭᠤᠴᠠᠭ᠎ᠠ ᠬᠦᠷᠴᠦ ᠢᠷᠡᠭᠰᠡᠨ ᠮᠥᠷᠲᠡᠭᠡᠨ ᠡᠯ᠎ᠡ ᠭᠠᠵᠠᠷ ᠲᠤ ᠥᠨᠳᠥᠷ ᠳᠤᠯᠠᠭᠠᠨ᠂ ᠪᠣᠷᠣᠭᠠᠨ ᠡᠯᠪᠡᠭ | ᠴᠠᠭ ᠠᠭᠤᠷ ᠣᠯᠠᠰᠢᠷᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠠᠮᠠᠷᠠᠯᠲᠠ ᠶᠢᠨ ᠬᠤᠭᠤᠴᠠᠭᠠᠨ ᠳᠤ | ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠪᠠᠶᠠᠷ ᠤᠨ ᠡᠳᠦᠷ ᠤᠨ ᠬᠤᠭᠤᠴᠠᠭᠠᠨ ᠳᠤ | ᠵᠢᠵᠢᠭᠦᠷᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠵᠢᠭᠤᠯᠴᠢᠯᠠᠭᠴᠢᠳ ᠴᠠᠭ ᠠᠭᠤᠷ ᠤᠨ ᠬᠤᠪᠢᠷᠠᠯᠲᠠ ᠪᠣᠯᠣᠨ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠮᠤᠷ ᠲᠦᠪᠰᠢᠨ ᠢ ᠪᠠᠲᠤᠯᠠᠵᠤ᠂ ᠤᠯᠠᠨ | ᠲᠠᠯ᠎ᠠ ᠪᠠᠷ ᠬᠦᠴᠦ ᠪᠠᠨ ᠬᠠᠮᠲᠤᠳᠬᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠤ | ᠠᠮᠤᠷ ᠠᠮᠤᠭᠤᠯᠠᠩ ᠢ ᠪᠠᠲᠤᠯᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ | ᠬᠤᠭᠤᠴᠠᠭᠠᠨ ᠤ ᠪᠦᠬᠦ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠡᠮᠬᠢ | ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ |