ᠪᠦᠭᠦ ᠣᠷᠣᠨ ᠤ ︽6 · 26︾ ᠤ ᠣᠯᠠᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠡᠳᠦᠷ ᠵᠢᠴᠢ ᠪᠦᠭᠦ ᠤᠯᠤᠰ ᠤᠨ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠭᠦ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠪᠠ ᠵᠧᠩ ᠭᠤᠸᠠᠩ ᠵᠣᠣ ᠤᠷᠤᠯᠴᠠᠵᠦ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/6/28
     6 ᠰᠠᠷ᠎ᠠ ᠶᠢᠨ 26 ᠤ ᠡᠳᠦᠷ᠂ ᠪᠦᠭᠦ ᠣᠷᠣᠨ ᠤ ︽6 · 26︾ ᠤ ᠤᠯᠠᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠡᠳᠦᠷ ᠵᠢᠴᠢ ᠪᠦᠭᠦ ᠤᠯᠤᠰ ᠤᠨ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠭᠦ ᠬᠤᠳᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠭᠦᠭᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠬᠤᠣᠷᠲᠤ ᠡᠳ᠋ ᠢ ᠴᠠᠭᠠᠵᠠᠯᠠᠬᠤ ᠵᠥᠪᠯᠡᠯ ᠤᠨ ᠡᠷᠭᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠠᠵᠢᠯᠯᠠᠭ᠎ᠠ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃      ᠵᠧᠩ ᠭᠤᠸᠠᠩ ᠵᠣᠣ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠬᠤᠣᠷᠲᠤ ᠡᠳ᠋ ᠢ ᠴᠠᠭᠠᠵᠠᠯᠠᠬᠤ ᠠᠵᠢᠯ ᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠴᠢᠬᠤᠯᠠ ᠠᠭᠤᠯᠭ᠎ᠠ ᠳᠤ ᠣᠷᠣᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠦᠴᠦ ᠪᠠᠨ ᠬᠠᠮᠲᠤᠳᠬᠠᠨ ᠬᠤᠣᠷᠲᠤ ᠡᠳ᠋ ᠤᠨ ᠠᠰᠠᠭᠤᠳᠠᠯ ᠢ ᠬᠠᠮᠲᠤ ᠪᠠᠷ ᠵᠠᠰᠠᠬᠤ ᠬᠡᠷᠡᠭᠲᠡᠢ︔ ᠬᠤᠣᠷᠲᠤ ᠡᠳ᠋ ᠢ ᠴᠠᠭᠠᠵᠠᠯᠠᠬᠤ ᠪᠦᠭᠦ ᠠᠵᠢᠯᠲᠠᠳ ᠦᠷᠭᠦᠯᠵᠢᠯᠡᠨ ᠪᠠᠶᠢᠯᠳᠤᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠰᠢᠨ᠎ᠡ ᠠᠰᠠᠭᠤᠳᠠᠯ ᠢ ᠰᠤᠳᠤᠯᠤᠨ᠂ ᠰᠢᠨ᠎ᠡ ᠠᠷᠭ᠎ᠠ ᠬᠡᠮᠵᠢᠶ᠎ᠡ ᠭᠠᠷᠭᠠᠵᠤ᠂ ᠰᠢᠨ᠎ᠡ ᠴᠠᠭ ᠦᠶ᠎ᠡ ᠶᠢᠨ ᠬᠤᠣᠷᠲᠤ ᠡᠳ᠋ ᠴᠠᠭᠠᠵᠠᠯᠠᠬᠤ ᠠᠷᠠᠳ ᠤᠨ ᠲᠡᠶᠢᠨ ᠤ ᠢᠯᠠᠯᠲᠠ ᠶᠢ ᠡᠷᠡᠰ ᠪᠠᠲᠤ ᠣᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号