ᠪᠡᠭᠡᠵᠢᠩ ᠥᠪᠥᠷ ᠮᠣᠩᠭᠤᠯ ᠤᠨ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠬᠠᠮᠵᠢᠯᠴᠠᠨ ᠰᠢᠨ᠎ᠡ ᠶᠢ ᠡᠭᠦᠳᠬᠦ ᠲᠥᠪ ᠫᠠᠶᠢᠰᠠ ᠰᠡᠬᠦᠪᠡ ᠪᠦᠦ ᠰᠢᠶᠠᠨ ᠬᠤᠸᠠ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2023/7/26
     7 ᠰᠠᠷ᠎ᠠ ᠶᠢᠨ 24 ᠤ ᠡᠳᠦᠷ᠂ ᠪᠡᠭᠡᠵᠢᠩ ᠥᠪᠥᠷ ᠮᠣᠩᠭᠤᠯ ᠤᠨ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠬᠠᠮᠵᠢᠯᠴᠠᠨ ᠰᠢᠨ᠎ᠡ ᠶᠢ ᠡᠭᠦᠳᠬᠦ ᠲᠥᠪ ᠤᠨ ᠫᠠᠶᠢᠰᠠ ᠰᠡᠬᠦᠬᠦ ᠶᠣᠰᠣᠯᠠᠯ ᠭᠦᠭᠡᠬᠤᠲᠠ ᠳᠤ ᠶᠠᠪᠤᠭᠳᠠᠵᠠᠢ      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃      ᠪᠡᠭᠡᠵᠢᠩ ᠥᠪᠥᠷ ᠮᠣᠩᠭᠤᠯ ᠤᠨ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠬᠠᠮᠵᠢᠯᠴᠠᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠭᠳᠠᠭᠰᠠᠨ ᠨᠢ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠪᠠᠰᠠ ᠨᠢᠭᠡᠨ ᠦᠷ᠎ᠡ ᠪᠦᠲᠦᠭᠡᠯ ᠪᠠᠶᠢᠵᠤ᠂ ᠤᠯᠤᠰ ᠤᠨ ᠲᠠᠷᠢᠶᠠᠯᠠᠩ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠤᠯᠤᠰ ᠤᠨ ᠲᠠᠷᠢᠶᠠᠯᠠᠩ ᠤᠨ ᠣᠶᠤᠨᠲᠤ ᠲᠣᠨᠣᠭᠯᠠᠯ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠪᠣᠷᠣᠳᠣᠬᠤᠢ ᠳᠡᠭᠡᠳᠦ ᠰᠤᠷᠭᠠᠭᠤᠯᠢ ᠵᠡᠷᠭᠡ 6 ᠲᠠᠯ᠎ᠠ ᠶᠢᠨ ᠬᠢᠨ ᠪᠠᠶᠢᠭ᠎ᠠ ᠴᠢᠳᠠᠪᠤᠷᠢᠲᠠᠨ ᠤ ᠪᠦᠯᠭᠦᠮ ᠬᠠᠮᠲᠤ᠂ ᠰᠠᠭᠤᠷᠢ ᠲᠥᠬᠦᠭᠡᠷᠦᠮᠵᠢ᠂ ᠲᠠᠪᠴᠠᠩ ᠪᠠ ᠲᠤᠨᠤᠭ ᠲᠥᠬᠦᠭᠡᠷᠦᠮᠵᠢ ᠶᠢᠨ ᠡᠬᠢ ᠪᠠᠶᠠᠯᠢᠭ ᠢ ᠠᠰᠢᠭᠯᠠᠨ ᠬᠠᠮᠲᠤ ᠪᠠᠷ ᠵᠣᠬᠢᠶᠠᠨ ᠪᠠᠶᠢᠭᠤᠯᠤᠭᠰᠠᠨ ᠶᠤᠮ᠃ ᠲᠥᠪ ᠨᠢ ᠣᠨᠴᠠᠯᠢᠭᠲᠤ ᠦᠷ᠎ᠡ ᠶᠢᠨ ᠦᠢᠯᠡᠰ᠂ ᠲᠠᠷᠢᠶᠠᠨ ᠭᠠᠵᠠᠷ ᠢ ᠠᠷᠠᠴᠢᠯᠠᠨ ᠪᠤᠶᠢᠵᠢᠭᠤᠯᠬᠤ᠂ ᠳᠠᠷᠢᠵᠤ ᠲᠡᠵᠢᠭᠡᠬᠦ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠬᠡᠷᠡᠭᠯᠡᠭᠡᠨ ᠤ ᠰᠢᠨ᠎ᠡ ᠲᠣᠭᠲᠠᠴᠠ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠲᠤᠰ ᠲᠥᠪ ᠢ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠰᠣᠯᠢᠯᠴᠠᠭᠠᠨ ᠤ ᠰᠠᠭᠤᠷᠢᠨ ᠪᠠ ᠣᠶᠤᠨᠲᠤ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠶᠢ ᠡᠭᠦᠳᠬᠦ ᠥᠨᠳᠦᠷᠯᠢᠭ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号