ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/8/21
    ᠰᠢᠨᠬᠤᠸᠠ ᠬᠤᠷᠢᠶ᠎ᠠ ᠶᠢᠨ ᠪᠡᠭᠡᠵᠢᠩ ᠤᠨ 8 ᠰᠠᠷ᠎ᠠ ᠶᠢᠨ 17 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ  ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ 8 ᠰᠠᠷ᠎ᠠ ᠶᠢᠨ 17 ᠤ ᠡᠳᠦᠷ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠬᠤᠷᠠᠯ ᠠᠴᠠ᠂ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢ︾ ᠪᠣᠯ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ  ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠡᠮᠦᠨ᠎ᠡ ᠨᠢ ᠭᠠᠪᠰᠢᠭᠠᠶᠢᠯᠠᠵᠤ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠪᠠᠴᠢᠮ ᠲᠤᠰᠠᠯᠠᠵᠤ᠂ ᠲᠥᠪ ᠤᠨ ᠠᠵᠤ ᠠᠬᠤᠶᠢᠯᠠᠯ ᠪᠣᠯᠣᠨ ᠨᠡᠶᠢᠭᠡᠮ ᠤᠨ ᠬᠦᠴᠦᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠥᠷᠭᠡᠨ ᠤᠯᠠᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠥ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠲᠡᠮᠡᠴᠡᠯ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠣᠳᠣᠬᠠᠨ ᠳᠤ ᠮᠠᠨ ᠤ ᠤᠯᠤᠰ ᠮᠥᠨ ᠬᠦ ᠭᠤᠣᠯ ᠦᠶᠡᠷ ᠤᠨ ᠬᠤᠭᠤᠴᠠᠭᠠᠨ ᠳᠤ ᠣᠷᠣᠰᠢᠵᠤ᠂ ᠪᠦᠭᠦ ᠤᠯᠤᠰ ᠤᠨ ᠣᠯᠠᠨ ᠭᠠᠵᠠᠷ ᠲᠤ ᠰᠢᠷᠦᠭᠦᠨ ᠪᠣᠷᠣᠭᠠᠨ᠂ ᠦᠶᠡᠷ ᠤᠰᠤᠲᠤᠯ᠂ ᠲᠠᠶᠢᠹᠧᠩ ᠰᠠᠯᠬᠢ ᠵᠡᠷᠭᠡ ᠭᠠᠮᠰᠢᠭ ᠮᠥᠨ ᠬᠦ ᠣᠯᠠᠨ ᠡᠭᠦᠰᠴᠦ᠂ ᠵᠠᠷᠢᠮ ᠰᠠᠪᠠ ᠭᠠᠵᠠᠷ ᠲᠤ ᠮᠥᠨ ᠬᠦ ᠦᠶᠡᠷ ᠤᠰᠤᠲᠤᠯ ᠤᠨ ᠭᠠᠮᠰᠢᠭ ᠤᠨ ᠲᠦᠭᠰᠢᠭᠦᠷᠢ ᠣᠷᠣᠰᠢᠵᠤ᠂ ᠤᠮᠠᠷᠠᠲᠤ ᠣᠷᠣᠨ᠂ ᠵᠡᠭᠦᠨ ᠬᠤᠶᠢᠲᠤ ᠶᠢᠨ ᠬᠡᠰᠡᠭ ᠠᠭᠤᠯᠠᠷᠬᠠᠭ ᠣᠷᠣᠨ ᠤ ᠬᠥᠷᠥᠰᠥ ᠰᠢᠷᠣᠢ ᠶᠢᠨ ᠤᠰᠤᠨ ᠤ ᠠᠭᠤᠯᠤᠭᠳᠠᠴᠠ ᠨᠢᠭᠡᠨᠲᠡ ᠬᠠᠨᠤᠮᠠᠯ ᠬᠡᠮᠵᠢᠶᠡᠨ ᠳᠤ ᠬᠦᠷᠴᠦ᠂ ᠠᠭᠤᠯᠠᠨ ᠦᠶᠡᠷ ᠤᠨ ᠭᠠᠮᠰᠢᠭ ᠤᠨ ᠲᠦᠭᠰᠢᠭᠦᠷᠢ ᠥᠨᠳᠥᠷ ᠪᠠᠶᠢᠵᠤ᠂ ᠮᠥᠨ ᠬᠦ ᠥᠴᠥᠬᠡᠨ ᠴᠦ ᠰᠤᠯᠠᠷᠠᠭᠤᠯᠵᠤ ᠪᠤᠯᠬᠤ ᠦᠭᠡᠢ ᠪᠠᠶᠢᠨ᠎ᠠ᠃ ᠣᠨᠴᠠ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠤ ᠪᠠᠶᠢᠳᠠᠯ ᠢᠯᠡᠷᠡᠭᠰᠡᠨ ᠪᠥᠭᠡᠳ ᠬᠡᠴᠡᠭᠦᠳᠡᠵᠦ ᠪᠠᠶᠢᠭ᠎ᠠ ᠳᠤ ᠮᠥᠨ ᠬᠦ ᠬᠥᠩᠭᠡᠨ ᠬᠠᠭᠤᠮᠠᠭᠠᠢ ᠬᠠᠨᠳᠤᠵᠤ ᠪᠤᠯᠬᠤ ᠦᠭᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠢᠮᠠᠭᠲᠠ ᠬᠢᠨᠠᠭᠤᠷ ᠪᠣᠯᠭᠤᠮᠵᠢᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠵᠦ ᠴᠤᠤᠷᠢᠶᠠᠲᠤᠨ ᠳᠠᠭᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠭᠦ ᠬᠢᠭᠡᠳ ᠭᠠᠮᠰᠢᠭ ᠢ ᠤᠷᠢᠳᠴᠢᠯᠠᠨ ᠮᠡᠳᠡᠭᠡᠯᠡᠬᠦ ᠶᠢᠨ ᠬᠠᠮᠲᠤᠷᠠᠨ ᠬᠥᠳᠡᠯᠦᠯᠴᠡᠬᠦ ᠶᠢ ᠤᠯᠠᠮ ᠴᠢᠨᠠᠭᠰᠢᠳᠠ ᠴᠢᠩᠭᠠᠳᠬᠠᠵᠤ᠂ ᠭᠠᠮᠰᠢᠭ ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠭᠦ ᠶᠢ ᠲᠣᠪᠤᠶᠢᠯᠭᠠᠨ᠂ ᠴᠡᠭ ᠴᠡᠭ ᠢᠶᠠᠷ ᠬᠠᠷᠠᠭᠠᠯᠵᠠᠭᠤᠯᠤᠨ ᠣᠨᠣᠴᠠᠲᠠᠢ ᠪᠠᠷ ᠤᠷᠢᠳᠴᠢᠯᠠᠨ ᠮᠡᠳᠡᠭᠡᠯᠡᠬᠦ ᠪᠠ ᠲᠡᠷᠡ ᠳᠠᠷᠤᠢ ᠳᠤᠨᠢ ᠰᠢᠨᠡᠳᠬᠡᠬᠦ ᠶᠢ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠭᠦ ᠶᠢᠨ ᠴᠢᠭᠯᠡᠯᠲᠦ ᠴᠢᠨᠠᠷ ᠢ ᠴᠢᠩᠭᠠᠷᠠᠭᠤᠯᠤᠨ᠂ ᠭᠠᠮᠰᠢᠭ ᠤᠨ ᠰᠡᠷᠡᠮᠵᠢᠯᠡᠭᠦᠯᠤᠯ ᠤᠨ ︽ᠳᠠᠭᠤᠳᠠᠬᠤ ᠬᠠᠷᠢᠭᠤ ᠥᠭᠬᠦ︾ ᠶᠢ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠳᠤ ᠰᠢᠭᠤᠳ ᠬᠦᠷᠭᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠤᠨ ᠠᠵᠢᠯᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠬᠡᠷᠡᠭᠲᠡᠢ᠃ ᠰᠡᠷᠭᠡᠶᠢᠯᠡᠯᠲᠡ ᠶᠢᠨ ᠭᠤᠣᠯᠳᠠᠯᠭ᠎ᠠ ᠶᠢ ᠳᠣᠪᠤᠶᠢᠯᠭᠠᠵᠤ᠂ ᠰᠠᠪᠠ ᠭᠠᠵᠠᠷ ᠤᠨ ᠴᠢᠨᠠᠷᠲᠠᠢ ᠶᠡᠭᠡ ᠦᠶᠡᠷ ᠪᠣᠯ ᠦᠶᠡᠷ ᠢ ᠰᠡᠷᠭᠡᠶᠢᠯᠡᠬᠦ ᠠᠵᠢᠯ ᠤᠨ ᠢᠮᠠᠭᠲᠠ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠂ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠲᠣᠬᠢᠷᠠᠭᠤᠯᠬᠤ ᠠᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠵᠤ᠂ ᠪᠡᠯᠡᠳᠬᠡᠯ ᠲᠥᠰᠥᠯ᠂ ᠡᠩᠨᠡᠭᠡ᠂ ᠡᠳ᠋ ᠪᠣᠳᠠᠰ ᠪᠣᠯᠣᠨ ᠦᠶᠡᠷ ᠢ ᠲᠣᠭᠲᠠᠭᠠᠨ ᠬᠤᠷᠠᠭᠤᠯᠬᠤ ᠣᠷᠣᠨ ᠢ ᠡᠬᠢᠯᠡᠨ ᠬᠡᠷᠡᠭᠯᠡᠬᠦ ᠪᠡᠯᠡᠳᠬᠡᠯ ᠢ ᠪᠦᠭᠦ ᠲᠠᠯ᠎ᠠ ᠪᠠᠷ ᠰᠠᠶᠢᠲᠤᠷ ᠬᠢᠵᠦ᠂ ᠶᠡᠭᠡ ᠭᠤᠣᠯ ᠮᠥᠷᠡᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠭᠡᠷᠡᠭᠲᠡᠶ︔ ᠳᠤᠮᠳᠠ ᠪᠠᠭ᠎ᠠ ᠭᠤᠣᠯ ᠮᠥᠷᠡᠨ ᠤ ᠦᠶᠡᠷ᠂ ᠳᠤᠮᠳᠠ ᠪᠠᠭ᠎ᠠ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠥᠩᠭᠡᠷᠡᠭᠦᠯᠬᠦ᠂ ᠠᠭᠤᠯᠠᠨ ᠦᠶᠡᠷ ᠪᠣᠯᠣᠨ ᠭᠠᠵᠠᠷ ᠤᠨ ᠭᠠᠮᠰᠢᠭ᠂ ᠬᠤᠳᠠ ᠬᠥᠳᠡᠭᠡ ᠶᠢᠨ ᠤᠰᠤᠲᠤᠯ ᠵᠡᠷᠭᠡ ᠪᠠᠭᠤᠷᠠᠢ ᠭᠤᠭᠴᠤᠭ᠎ᠠ ᠶᠢᠨ ᠦᠶᠡᠷ ᠢ ᠰᠡᠷᠭᠡᠶᠢᠯᠡᠵᠦ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠭᠡᠮ ᠰᠣᠭᠤᠭ ᠢ ᠭᠠᠮᠰᠢᠭ ᠪᠤᠯᠬᠤ ᠠᠴᠠ ᠨᠢ ᠡᠮᠦᠨ᠎ᠡ ᠠᠷᠢᠯᠭᠠᠬᠤ ᠭᠡᠷᠡᠭᠲᠡᠢ︔ ᠦᠶᠡᠷ ᠢ ᠰᠡᠷᠭᠡᠶᠢᠯᠡᠬᠦ ᠪᠠ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠩ ᠬᠠᠭᠰᠠᠷᠠᠭᠠᠨ ᠤᠰᠤᠲᠤᠯ ᠵᠡᠷᠭᠡ ᠪᠠᠷ ᠡᠭᠦᠰᠬᠦ᠂ ᠭᠠᠩ ᠬᠠᠭᠰᠠᠷᠠᠭᠠᠨ ᠤᠰᠤᠲᠤᠯ ᠲᠦᠷᠭᠡᠨ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠡᠷᠡᠰ ᠰᠢᠭᠤᠷᠬᠠᠢ ᠪᠠᠷ ᠰᠢᠯᠵᠢᠭᠦᠯᠦᠨ ᠠᠶᠤᠯ ᠠᠴᠠ ᠵᠠᠶᠢᠯᠠᠭᠤᠯᠵᠤ᠂ ︽ᠠᠷᠪᠠ ᠤᠳᠠᠭ᠎ᠠ ᠰᠡᠷᠭᠡᠶᠢᠯᠡᠭᠡᠳ ᠶᠢᠰᠦ ᠤᠳᠠᠭ᠎ᠠ ᠨᠢ ᠬᠤᠭᠤᠰᠤᠨ ᠪᠣᠯᠤᠭᠰᠠᠨ ᠴᠤ ᠰᠡᠷᠭᠡᠶᠢᠯᠡᠯᠲᠡ ᠪᠠᠨ ᠠᠯᠳᠠᠵᠤ ᠪᠤᠯᠬᠤ ᠦᠭᠡᠢ︾᠂ ᠵᠠᠩᠭᠢᠯᠠᠭ᠎ᠠ ᠶᠢᠨ ᠦᠶ᠎ᠡ ᠳᠤ ᠠᠶᠤᠯᠲᠠᠢ ᠭᠠᠵᠠᠷ ᠣᠷᠣᠨ ᠤ ᠣᠯᠠᠨ ᠲᠦᠮᠡᠨ ᠢ ᠰᠢᠯᠵᠢᠭᠦᠯᠦᠨ ᠵᠠᠶᠢᠯᠠᠭᠤᠯᠵᠤ᠂ ᠬᠥᠮᠥᠰ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠪᠡᠯᠡᠳᠬᠡᠯ ᠲᠥᠰᠥᠯ ᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ᠰᠢᠯᠵᠢᠭᠦᠯᠪᠡᠰᠦ ᠵᠣᠬᠢᠬᠤ ᠶᠢ ᠨᠢ ᠪᠦᠭᠦᠨ ᠢ ᠰᠢᠯᠵᠢᠭᠦᠯᠵᠦ᠂ ᠰᠢᠯᠵᠢᠭᠦᠯᠪᠡᠰᠦ ᠵᠣᠬᠢᠬᠤ ᠶᠢ ᠨᠢ ᠡᠷᠲᠡᠬᠡᠨ ᠰᠢᠯᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠭᠦ ᠬᠦᠴᠦᠨ ᠢᠶᠠᠷ ᠢᠶᠠᠨ ᠠᠶᠤᠯ ᠠᠴᠠ ᠠᠪᠤᠷᠠᠨ ᠲᠤᠰᠠᠯᠠᠵᠤ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠪᠣᠯᠣᠨ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠥᠨᠳᠥᠷ ᠪᠦᠲᠦᠮᠵᠢᠲᠡᠢ ᠪᠠᠷ ᠠᠪᠤᠷᠠᠨ ᠲᠤᠰᠠᠯᠠᠬᠤ᠂ ᠰᠢᠨᠵᠢᠯᠡᠬᠦ ᠤᠬᠠᠭᠠᠨᠴᠢ ᠪᠠᠷ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠵᠤ᠂ ᠪᠦᠭᠦ ᠬᠦᠴᠦᠨ ᠢᠶᠠᠷ ᠢᠶᠠᠨ ᠬᠠᠰᠢᠯᠭ᠎ᠠ ᠶᠢ ᠪᠠᠬᠢᠯᠡᠨ ᠠᠶᠤᠯ ᠢ ᠠᠷᠢᠯᠭᠠᠵᠤ᠂ ᠬᠠᠰᠢᠭᠳᠠᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠠᠪᠤᠷᠠᠵᠤ᠂ ᠪᠠᠷ᠎ᠠ ᠰᠤᠷᠠᠭ ᠦᠭᠡᠢ ᠪᠣᠯᠤᠭᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ᠂ ᠬᠥᠮᠥᠨ ᠬᠠᠷ᠎ᠠ ᠶᠢᠨ ᠠᠳᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠭᠡᠷᠡᠭᠲᠡᠢ︔ ᠪᠠᠭᠤᠷᠠᠶ ᠬᠠᠰᠢᠯᠭ᠎ᠠ᠂ ᠵᠠᠩᠭᠢᠯᠠᠭ᠎ᠠ ᠶᠢᠨ ᠬᠠᠰᠢᠯᠭ᠎ᠠ ᠶᠢ ᠤᠷᠢᠳᠴᠢᠯᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠤᠰᠬᠠᠢ ᠬᠦᠴᠦᠨ ᠢ ᠲᠣᠬᠢᠷᠠᠭᠤᠯᠤᠨ ᠲᠠᠰᠤᠷᠠᠯᠲᠠ ᠦᠭᠡᠢ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠵᠤ᠂ ᠤᠰᠤ ᠣᠷᠭᠢᠯᠬᠤ᠂ ᠬᠠᠰᠢᠯᠭ᠎ᠠ ᠰᠡᠳᠡᠷᠡᠭᠦ ᠵᠡᠷᠭᠡ ᠬᠦᠨᠳᠦ ᠶᠡᠭᠡ ᠲᠦᠭᠰᠢᠭᠦᠷᠢᠲᠦ ᠪᠠᠶᠢᠳᠠᠯ ᠢ ᠴᠠᠭ ᠲᠤᠬᠠᠢ  ᠳᠤᠨᠢ ᠰᠢᠢᠳᠪᠦᠷᠢᠯᠡᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠠᠨ ᠲᠦᠮᠡᠨ ᠢ ᠵᠣᠬᠢᠰᠲᠠᠢ ᠲᠥᠪᠬᠢᠨᠡᠭᠦᠯᠵᠦ᠂ ᠡᠨᠡ ᠤᠳᠠᠭ᠎ᠠ ᠶᠢᠨ ᠭᠠᠮᠰᠢᠭ ᠤᠨ ᠬᠡᠪᠴᠢᠶ᠎ᠡ ᠥᠷᠭᠡᠨ᠂ ᠦᠶᠡᠷ ᠢ ᠲᠣᠭᠲᠠᠭᠠᠬᠤ ᠣᠷᠣᠨ ᠢ ᠡᠬᠢᠯᠡᠨ ᠬᠡᠷᠡᠭᠯᠡᠭᠰᠡᠨ ᠨᠢ ᠤᠯᠠᠨ᠂ ᠰᠢᠯᠵᠢᠭᠦᠯᠦᠨ ᠲᠥᠪᠬᠢᠨᠡᠭᠦᠯᠦᠭᠰᠡᠨ ᠤᠯᠠᠨ ᠲᠦᠮᠡᠨ ᠨᠢ ᠤᠯᠠᠨ ᠪᠠᠶᠢᠵᠤ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠣᠷᠴᠢᠨ ᠲᠣᠭᠤᠷᠢᠨ ᠢ ᠠᠷᠢᠭᠤᠳᠬᠠᠬᠤ ᠪᠠ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠵᠤ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠴᠠᠭᠢᠯᠭᠠᠨ ᠬᠦᠴᠦ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠭᠤᠯᠤᠨ ᠰᠡᠯᠪᠢᠨ ᠵᠠᠰᠠᠵᠤ᠂ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠪᠣᠯᠣᠨ ᠲᠠᠷᠢᠶᠠᠯᠠᠩ ᠤᠨ ᠲᠥᠬᠦᠭᠡᠷᠦᠮᠵᠢ ᠶᠢ ᠱᠠᠯᠠᠪᠳᠠᠭᠤᠯᠤᠨ ᠰᠡᠷᠭᠦᠭᠡᠨ ᠵᠠᠰᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠴᠢᠳ ᠤᠨ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ ᠲᠠᠷᠢᠶᠠᠴᠢᠳ ᠢ ᠵᠣᠬᠢᠶᠠᠨ ᠪᠠᠶᠢᠭᠤᠯᠵᠤ ᠢᠳᠡᠪᠬᠢᠲᠡᠢ ᠪᠠᠷ ᠨᠥᠬᠦᠨ ᠲᠠᠷᠢᠵᠤ ᠠᠪᠤᠷᠠᠨ ᠲᠤᠰᠠᠯᠠᠵᠤ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢ ᠰᠡᠷᠭᠦᠭᠡᠨ ᠲᠠᠭᠢᠨ ᠪᠠᠶᠢᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠭᠠᠮᠰᠢᠭᠳᠠᠭᠰᠠᠨ ᠰᠤᠷᠤᠬᠴᠢᠳ ᠤᠨ ᠴᠠᠭ ᠲᠠᠭᠠᠨ ᠰᠤᠷᠭᠠᠭᠤᠯᠢ ᠡᠬᠢᠯᠡᠵᠦ ᠰᠤᠷᠭᠠᠭᠤᠯᠢ ᠳᠠᠭᠠᠨ ᠪᠤᠴᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠲᠤ ᠡᠪᠳᠡᠭᠳᠡᠭᠰᠡᠨ ᠭᠡᠷ ᠪᠠᠶᠢᠰᠢᠩ ᠢ ᠵᠠᠰᠠᠨ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠦᠳᠲᠡᠷ ᠲᠦᠷᠭᠡᠨ ᠡᠬᠢᠯᠡᠭᠦᠯᠵᠦ᠂ ᠭᠠᠮᠰᠢᠭᠳᠠᠭᠰᠠᠨ ᠣᠯᠠᠨ ᠲᠦᠮᠡᠨ ᠤ ᠡᠪᠦᠯ ᠣᠷᠣᠬᠤ ᠠᠴᠠ ᠡᠮᠦᠨ᠎ᠡ ᠭᠡᠷ ᠲᠡᠭᠡᠨ ᠬᠠᠷᠢᠬᠤ ᠪᠤᠶᠤ ᠰᠢᠨ᠎ᠡ ᠣᠷᠣᠨ ᠰᠠᠭᠤᠴᠠ ᠳᠤ ᠨᠡᠭᠦᠵᠦ ᠣᠷᠣᠬᠤ᠂ ᠠᠮᠤᠷ ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠢᠶ᠎ᠠ ᠪᠦᠬᠦᠢ ᠳᠡᠰ ᠳᠠᠷᠠᠭᠠᠯᠠᠯ ᠢ ᠰᠢᠯᠢᠳᠡᠭᠵᠢᠭᠦᠯᠦᠨ ᠳᠥᠭᠦᠮᠴᠢᠯᠡᠵᠦ᠂ ᠭᠠᠮᠰᠢᠭᠳᠠᠭᠰᠠᠨ ᠭᠠᠵᠠᠷ ᠣᠷᠣᠨ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠭᠦ ᠪᠠ ᠳᠠᠭᠠᠳᠬᠠᠯ ᠤᠨ ᠲᠥᠯᠥᠪᠦᠷᠢ ᠥᠭᠬᠦ ᠶᠢ ᠴᠢᠩᠭᠠᠳᠬᠠᠬᠤ ᠶᠢᠨ ᠬᠠᠮᠲᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠮᠰᠢᠭᠳᠠᠭᠰᠠᠨ ᠣᠯᠠᠨ ᠲᠦᠮᠡᠨ ᠪᠠ ᠡᠵᠡᠩᠨᠡᠯᠲᠡ ᠶᠢᠨ ᠭᠤᠣᠯ ᠴᠣᠭᠴᠠ ᠶᠢ ᠬᠠᠪᠰᠤᠷᠤᠨ ᠬᠦᠴᠢᠷ ᠢ ᠳᠤᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠳ᠋ᠦᠩᠨᠡᠵᠦ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠮᠠᠨ ᠤ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠰᠢᠰᠲ᠋ᠧᠮ ᠢ ᠴᠢᠨᠠᠭᠰᠢᠳᠠ ᠪᠠᠶᠢᠭᠤᠯᠤᠨ ᠬᠦᠴᠦᠷᠬᠡᠭᠵᠢᠭᠦᠯᠵᠦ᠂ ᠲᠣᠬᠢᠷᠠᠭᠤᠯᠤᠨ ᠵᠢᠯᠤᠭᠤᠳᠬᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ ᠵᠡᠷᠭᠡ ᠲᠤᠨᠤᠭ ᠲᠥᠬᠦᠭᠡᠷᠦᠮᠵᠢ ᠪᠠ ᠰᠢᠰᠲ᠋ᠧᠮ ᠢ ᠲᠡᠭᠦᠯᠳᠡᠷᠵᠢᠭᠦᠯᠦᠨ᠂ ᠳᠡᠭᠡᠳᠦ ᠳᠣᠣᠷᠠᠳᠤ ᠱᠠᠲᠤ ᠨᠡᠪᠲᠡᠷᠡᠯᠴᠡᠭᠰᠡᠨ᠂ ᠨᠢᠭᠡ ᠴᠣᠭᠴᠠᠵᠢᠭᠤᠯᠤᠨ ᠠᠷᠭᠠᠴᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠬᠦᠴᠢᠷ ᠠᠶᠤᠯ ᠲᠠᠢ ᠬᠦᠨᠳᠦ ᠡᠭᠦᠷᠭᠡ ᠶᠢ ᠭᠦᠢᠴᠡᠳᠬᠡᠬᠦ ᠳᠤ ᠰᠠᠭᠤᠷᠢᠯᠠᠵᠤ᠂ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠬᠡᠷᠡᠭᠴᠡᠭᠡ ᠶᠢ ᠲᠤᠪᠤᠶᠢᠯᠭᠠᠵᠤ᠂ ᠣᠷᠣᠨ ᠪᠦᠰᠡ ᠶᠢᠨ ᠠᠪᠤᠷᠠᠨ ᠲᠤᠰᠠᠯᠠᠬᠤ ᠵᠢᠩᠬᠢᠨᠢ ᠪᠠᠶᠢᠯᠳᠤᠭᠠᠨ ᠤ ᠴᠢᠳᠠᠪᠤᠷᠢ ᠶᠢ ᠲᠦᠷᠭᠡᠨ ᠪᠦᠷᠢᠯᠳᠦᠭᠦᠯᠬᠦ ᠬᠡᠷᠡᠭᠲᠡᠢ᠃ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ ᠵᠢᠷᠤᠮᠵᠢᠭᠤᠯᠵᠤ᠂ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠦᠰᠡ ᠪᠣᠯᠣᠨ ᠠᠶᠤᠯ ᠲᠦᠭᠰᠢᠭᠦᠷᠢ ᠶᠡᠬᠡᠲᠡᠢ ᠰᠢᠶᠠᠩ ᠪᠠᠯᠭᠠᠰᠤ᠂ ᠲᠣᠰᠬᠤᠨ ᠳᠤᠭᠤᠶᠢᠯᠠᠩ ᠳᠤ ᠴᠢᠬᠤᠯᠠ ᠪᠦᠬᠦᠢ ᠲᠣᠨᠣᠭᠯᠠᠯ ᠲᠣᠬᠢᠷᠠᠭᠤᠯᠤᠨ ᠥᠭᠴᠦ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠠᠪᠠ ᠭᠠᠵᠠᠷ ᠢᠯᠠᠩᠭᠤᠶ᠎ᠠ ᠤᠮᠠᠷᠠᠲᠤ ᠣᠷᠣᠨ ᠤ ᠭᠤᠣᠯ ᠪᠤᠯᠬᠤ ᠭᠤᠣᠯ ᠮᠥᠷᠡᠨ ᠤ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠵᠦ᠂ ᠦᠶᠡᠷ ᠢ ᠲᠣᠭᠲᠠᠭᠠᠬᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠪᠣᠯᠣᠨ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠰᠡᠷᠭᠡᠶᠢᠯᠡᠨ ᠬᠤᠷᠢᠭᠯᠠᠬᠤ ᠴᠢᠳᠠᠪᠤᠷᠢ ᠪᠠᠨ ᠪᠦᠬᠦᠶᠢᠯᠡ ᠴᠣᠭᠴᠠ ᠪᠠᠷ ᠨᠢ ᠳᠡᠭᠡᠭᠰᠢᠯᠡᠭᠦᠯᠭᠦ ᠬᠡᠷᠡᠭᠲᠡᠢ᠃ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢᠨ ᠲᠥᠯᠦᠪᠵᠢᠭᠦᠯᠭᠡ ᠪᠣᠯᠣᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠤᠰᠤ ᠵᠠᠯᠠᠬᠤ ᠬᠤᠭᠤᠯᠠᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠠᠵᠢᠯᠯᠠᠭᠠᠨ ᠤ ᠴᠢᠳᠠᠪᠤᠷᠢ ᠶᠢ ᠰᠢᠨᠡᠳᠬᠡᠨ ᠳᠡᠭᠡᠭᠰᠢᠯᠡᠭᠦᠯᠵᠦ᠂ ᠭᠤᠣᠯ ᠤᠨ ᠬᠡᠪᠡᠯᠢ ᠶᠢᠨ ᠤᠰᠤᠲᠤᠯ ᠢ ᠵᠠᠯᠠᠬᠤ ᠢᠨᠵᠧᠨᠧᠷᠢᠩ ᠲᠠᠢ ᠪᠦᠲᠦᠮᠵᠢᠲᠡᠢ ᠵᠣᠯᠭᠠᠭᠤᠯᠵᠤ᠂ ᠬᠤᠳᠠ ᠶᠢᠨ ᠭᠤᠣᠯ ᠤᠰᠤ ᠵᠠᠯᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠯᠠᠩᠭᠤᠶ᠎ᠠ ᠭᠤᠣᠯ ᠤᠳᠤᠷᠢᠳᠬᠤ ᠺᠠᠳ᠋ᠷᠴᠤᠳ ᠡᠮᠦᠨ᠎ᠡ ᠹᠷᠣᠨᠲ ᠲᠤ ᠣᠴᠢᠵᠤ ᠵᠢᠯᠣᠭᠤᠳᠤᠨ᠂ ᠡᠯ᠎ᠡ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠴᠤᠴᠠᠯᠲᠠ ᠦᠭᠡᠢ ᠤᠷᠤᠭᠰᠢᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ ᠹᠷᠣᠨᠲ ᠲᠤ ᠬᠦᠨᠳᠦ ᠡᠭᠦᠷᠭᠡ ᠶᠢ ᠡᠭᠦᠷᠭᠡᠯᠡᠵᠦ᠂ ᠬᠤᠰᠢᠭᠤᠴᠢ ᠪᠣᠯᠵᠤ᠂ ᠲᠦᠷᠦᠭᠦᠯᠡᠨ ᠠᠵᠢᠯᠯᠠᠵᠤ᠂ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠨᠠᠮ ᠤᠨ ᠤᠯᠤᠰ ᠲᠥᠷᠥ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠤᠯᠤᠰ ᠲᠥᠷᠥ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号