ᠰᠦᠯᠵᠢᠶᠡᠨ ᠤ ᠢᠨᠵᠧᠨᠧᠷ ᠤᠨ ᠪᠣᠯᠪᠠᠰᠤᠷᠠᠯ ᠤᠨ ᠠᠩᠭᠢ ᠡᠷᠬᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/24
     ᠰᠢ ᠶᠢᠨ ᠫᠢᠩ ᠶᠡᠷᠦᠩᠬᠡᠶ ᠱᠦᠵᠢ ᠶᠢᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠡᠷᠢᠭ ᠠᠴᠠ ᠬᠠᠯᠠᠭᠳᠠᠭᠰᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠪᠠ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠦᠯᠦᠭᠡ᠂ ᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠥᠬᠦ ᠬᠤᠲᠠ ᠶᠢᠨ ᠪᠡᠶ᠎ᠡ ᠪᠠᠨ ᠳᠠᠭᠠᠭᠠᠵᠤ ᠠᠵᠢᠯ ᠤᠯᠬᠤ ᠴᠡᠷᠢᠭ ᠠᠴᠠ ᠬᠠᠯᠠᠭᠳᠠᠭᠰᠠᠳ ᠤᠨ ᠬᠦᠰᠡᠯ ᠰᠠᠨᠠᠭ᠎ᠠ ᠲᠠᠢ ᠤᠶᠠᠯᠳᠤᠭᠤᠯᠤᠨ᠂ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠣᠶᠢᠷ᠎ᠠ ᠶᠢᠨ ᠬᠤᠭᠤᠴᠠᠭᠠᠨ ᠳᠤ ᠪᠥᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠰᠦᠯᠵᠢᠶᠡᠨ ᠤ ᠢᠨᠵᠧᠨᠧᠷ ᠤᠨ ᠪᠣᠯᠪᠠᠰᠤᠷᠠᠯ ᠤᠨ ᠠᠩᠭᠢ ᠡᠷᠬᠢᠯᠡᠬᠦ ᠪᠠᠷ ᠪᠠᠶᠢᠨ᠎ᠠ᠂ ᠣᠳᠣ ᠪᠣᠲᠠᠲᠠᠢ ᠶᠠᠪᠣᠳᠠᠯ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠪᠣᠯᠪᠠᠰᠤᠷᠠᠭᠤᠯᠬᠤ ᠴᠠᠭ ᠵᠢᠴᠢ ᠭᠠᠵᠠᠷ     ᠲᠣᠰ ᠤᠳᠠᠭᠠᠨ ᠤ ᠪᠣᠯᠪᠠᠰᠤᠷᠠᠯ ᠨᠢ 2024 ᠣᠨ ᠤ 11 ᠰᠠᠷ᠎ᠠ ᠶᠢᠨ 4 ᠤ ᠡᠳᠦᠷ ᠠᠴᠠ 12 ᠰᠠᠷ᠎ᠠ ᠶᠢᠨ 3 ᠤ ᠡᠳᠦᠷ ᠪᠣᠯᠲᠠᠯ᠎ᠠ ᠨᠡᠶᠢᠲᠡ 30 ᠡᠳᠦᠷ ᠪᠣᠯᠤᠨ᠎ᠠ᠃ ᠪᠣᠯᠪᠠᠰᠤᠷᠠᠭᠤᠯᠤᠯ ᠤᠨ ᠭᠠᠵᠠᠷ ᠨᠢ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠱᠦᠨ ᠽᠧ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠤᠷᠭᠠᠭᠤᠯᠢ ︵ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠰᠠᠨ ᠳ᠋ᠤᠤ ᠵᠡᠭᠦᠨ ᠵᠡᠭᠡᠯᠢ ᠶᠢᠨ ᠳ᠋ᠦᠩ ᠴᠧᠩ ᠵᠡᠭᠡᠯᠢ ᠶᠢᠨ 80 ᠳ᠋ᠤᠭᠠᠷ ᠨᠣᠮᠧᠷ᠄  ᠤᠤᠯ ᠤᠨ ᠲᠠᠯ᠎ᠠ ᠨᠤᠲᠤᠭ ᠤᠨ ᠰᠢᠩ ᠹᠠ ᠪᠦᠯᠦᠭᠯᠡᠯ ᠤᠨ ᠶᠡᠭᠡ ᠬᠦᠷᠢᠶ᠎ᠡ︶ ᠳᠤ ᠪᠣᠶ᠃     ᠬᠤᠶᠠᠷ᠂ ᠪᠣᠯᠪᠠᠰᠤᠷᠠᠭᠤᠯᠬᠤ ᠡᠲᠡᠭᠡᠳ     ᠪᠥᠬᠦ ᠬᠤᠲᠠ ᠶᠢᠨ ᠬᠡᠪᠴᠢᠶᠡᠨ ᠳᠤ ᠪᠣᠯᠪᠠᠰᠤᠷᠠᠭᠤᠯᠤᠯ ᠤᠨ ᠬᠦᠰᠡᠯ ᠲᠠᠢ ᠪᠡᠶ᠎ᠡ ᠪᠠᠨ ᠳᠠᠭᠠᠭᠠᠵᠤ ᠠᠵᠢᠯ ᠤᠯᠬᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ︵ᠪᠦᠬᠦᠯᠢ 60 ᠨᠠᠰᠤᠨ ᠤ ᠳᠣᠲᠣᠷ᠎ᠠ︶ ᠮᠥᠷᠲᠡᠭᠡᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ︵︽ᠭᠤᠷᠪᠠ ᠶᠢ ᠭᠡᠯᠳᠦᠷᠢᠭᠦᠯᠵᠦ ᠨᠢᠭᠡ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠭᠥᠷᠳᠡᠨ᠎ᠡ︶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠲᠥᠷᠥᠯ ᠤᠨ ᠪᠣᠯᠪᠠᠰᠤᠷᠠᠭᠤᠯᠤᠯ ᠳᠤ ᠣᠷᠣᠯᠴᠠᠵᠤ ᠥᠩᠭᠡᠷᠡᠭᠰᠡᠨ ᠥᠬᠡᠶ ᠬᠦᠮᠦᠰ᠃     ᠭᠤᠷᠪᠠ᠂ ᠪᠣᠯᠪᠠᠰᠤᠷᠠᠭᠤᠯᠤᠯ ᠤᠨ ᠠᠷᠭ᠎ᠠ ᠮᠠᠶ᠋ᠢᠭ     ᠪᠣᠯᠪᠠᠰᠤᠷᠠᠭᠤᠯᠤᠯ ᠢ ᠳᠠᠭᠠᠭᠠᠴᠢᠯᠠᠨ ᠪᠣᠯᠪᠠᠰᠤᠷᠠᠭᠤᠯᠬᠤ ᠪᠠᠶᠢᠭᠤᠯᠤᠮᠵᠢ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ᠂ ᠰᠦᠯᠵᠢᠶᠡᠨ ᠠᠴᠠ ᠭᠠᠳᠠᠨ᠎ᠠ ᠪᠢᠲᠡᠭᠦᠮᠵᠢᠯᠡᠬᠦ ᠠᠷᠭ᠎ᠠ ᠮᠠᠶ᠋ᠢᠭ ᠢᠶᠠᠷ ᠪᠣᠯᠪᠠᠰᠤᠷᠠᠭᠤᠯᠤᠨ᠎ᠠ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ᠨᠢᠭᠡᠳᠦᠯᠲᠡᠶ ᠲᠠᠨᠢᠯᠴᠠᠭᠤᠯᠵᠤ ᠠᠵᠢᠯ ᠣᠯᠭᠤᠨ᠎ᠠ᠂ ᠪᠠᠰᠠ ᠬᠤᠪᠢ ᠬᠥᠮᠦᠨ ᠤ ᠬᠦᠰᠡᠯ ᠰᠠᠨᠠᠭ᠎ᠠ ᠪᠠᠨ ᠦᠨᠳᠦᠰᠦᠯᠡᠨ ᠥᠪᠡᠷ ᠢᠶᠠᠨ ᠰᠣᠩᠭᠤᠵᠤ ᠠᠵᠢᠯ ᠣᠯᠤᠭᠰᠠᠨ ᠴᠤ ᠪᠣᠯᠤᠨ᠎ᠠ᠃     ᠳᠥᠷᠪᠡ᠂ ᠪᠣᠯᠪᠠᠰᠤᠷᠠᠭᠤᠯᠤᠯ ᠤᠨ ᠵᠣᠬᠢᠶᠠᠨ ᠪᠠᠶᠢᠭᠤᠯᠣᠯᠲᠠ     ᠲᠣᠰ ᠤᠳᠠᠭᠠᠨ ᠤ ᠪᠣᠯᠪᠠᠰᠤᠷᠠᠭᠤᠯᠤᠯ ᠢ ᠤᠯᠠᠭᠠᠨᠬᠠᠳᠠ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠬᠠᠮᠵᠢᠯᠴᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠱᠦᠨ ᠽᠧ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠤᠷᠭᠠᠭᠤᠯᠢ ᠳᠠᠭᠠᠭᠠᠴᠢᠯᠠᠨ ᠡᠷᠭᠢᠯᠡᠨ᠎ᠡ᠃     ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ     ︵ᠨᠢᠭᠡ︶ ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠲᠠᠢ ᠪᠡᠶ᠎ᠡ ᠪᠠᠨ ᠳᠠᠭᠠᠭᠠᠵᠤ ᠠᠵᠢᠯ ᠤᠯᠬᠤ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠬᠠᠷᠢᠶ᠎ᠠ ᠭᠠᠵᠠᠷ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠦᠷᠴᠦ ᠪᠣᠯᠪᠠᠰᠤᠷᠠᠭᠤᠯᠤᠯ ᠤᠨ ᠭᠤᠶᠤᠴᠢᠯᠠᠯ ᠢᠶᠠᠨ ᠲᠣᠰᠢᠶᠠᠨ᠎ᠠ᠃     ︵ᠬᠤᠶᠠᠷ︶ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠪᠣᠯᠪᠠᠰᠤᠷᠠᠭᠤᠯᠤᠯ ᠤᠨ ᠬᠤᠭᠤᠴᠠᠭᠠᠨ ᠳᠤ ᠪᠣᠶ ᠪᠣᠯᠤᠭᠰᠠᠨ ᠵᠠᠷᠤᠳᠠᠯ ᠳᠤ ᠤᠯᠤᠰ ᠤᠨ ︽ᠭᠤᠷᠪᠠ ᠶᠢ ᠭᠡᠯᠳᠦᠷᠢᠭᠦᠯᠵᠦ ᠨᠢᠭᠡ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠬᠦᠷᠲᠡᠭᠡᠨ᠎ᠡ᠃ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠨᠠᠰᠢ ᠴᠠᠰᠢ ᠶᠠᠪᠤᠬᠤ ᠵᠠᠮ ᠬᠠᠷᠢᠯᠴᠠᠭᠠᠨ ᠤ ᠵᠠᠷᠤᠳᠠᠯ ᠢ ᠰᠤᠷᠤᠭᠴᠢᠳ ᠥᠪᠡᠷ ᠢᠶᠠᠨ ᠬᠠᠷᠢᠭᠤᠴᠠᠨ᠎ᠠ᠃     ︵ᠭᠤᠷᠪᠠ︶ ᠨᠡᠷ᠎ᠡ ᠮᠡᠳᠡᠭᠦᠯᠬᠦ ᠳᠡᠭᠡᠨ ᠡᠷᠬᠡᠪᠰᠢ ᠪᠡᠶ᠎ᠡ ᠶᠢᠨ ᠦᠨᠡᠮᠯᠡᠯ᠂ ᠴᠡᠷᠢᠭ ᠠᠴᠠ ᠬᠠᠯᠠᠭᠳᠠᠭᠰᠠᠨ ᠦᠨᠡᠮᠯᠡᠯ ᠤᠨ ᠣᠭ ᠮᠠᠲ᠋ᠧᠷᠢᠶᠠᠯ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠭᠤᠶᠤᠴᠢᠯᠠᠯ ᠤᠨ ᠬᠦᠰᠦᠨᠦᠭᠲᠦ ᠵᠢᠴᠢ ᠡᠳᠦᠷ ᠲᠤᠲᠤᠮ ᠤᠨ ᠬᠡᠷᠡᠭᠰᠡᠯ ᠪᠠ ᠰᠣᠯᠢᠵᠤ ᠤᠬᠢᠶᠠᠬᠤ ᠬᠤᠪᠴᠠᠰᠤ ᠬᠤᠨᠠᠷ ᠵᠡᠷᠭᠡ ᠪᠠᠨ ᠠᠪᠴᠤ ᠢᠷᠡᠬᠦ ᠬᠡᠷᠡᠭᠲᠡᠶ᠃     ︵ᠳᠥᠷᠪᠡ︶ ᠲᠣᠰ ᠤᠳᠠᠭᠠᠨ ᠤ ᠪᠣᠯᠪᠠᠰᠤᠷᠠᠭᠤᠯᠤᠯ ᠤᠨ ᠨᠡᠷ᠎ᠡ ᠮᠡᠳᠡᠭᠦᠯᠬᠦ ᠴᠠᠭ ᠤᠨ ᠬᠢᠵᠠᠭᠠᠷ ᠨᠢ 2024 ᠣᠨ ᠤ 10 ᠰᠠᠷ᠎ᠠ ᠶᠢᠨ 30 ᠤ ᠡᠳᠦᠷ ᠤᠨ 11᠄ 30 ᠪᠣᠯᠤᠨ᠎ᠠ᠃      ᠬᠠᠷᠢᠯᠴᠠᠬᠤ ᠬᠥᠮᠦᠨ᠄ ᠸᠠᠩ ᠸᠧᠨ ᠪᠢᠨ᠂ 0476 — 5556866
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号