ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ 2024 ᠣᠨ ᠤ ᠠᠵᠢᠯ ᠦᠢᠯᠡᠰ ᠤᠨ ᠨᠢᠭᠡᠴᠡ ᠶᠢᠨ ︽ᠰᠠᠭᠠᠳ ᠥᠬᠡᠶ ᠨᠡᠪᠲᠡᠷᠡᠬᠦ ᠵᠠᠮ︾ ᠪᠠᠷ ᠪᠠᠴᠢᠮ ᠱᠠᠭᠠᠷᠳᠠᠭᠳᠠᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠵᠢᠴᠢ ᠪᠡᠶ᠎ᠡ ᠶᠢᠨ ᠪᠠᠶᠢᠴᠠᠭᠠᠯᠲᠠ ᠶᠢᠨ ᠤᠴᠢᠷ ᠶᠠᠪᠤᠳᠠᠯ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/27
     ︽ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ 2024 ᠣᠨ ᠤ ᠠᠵᠢᠯ ᠦᠢᠯᠡᠰ ᠤᠨ ᠨᠢᠭᠡᠴᠡ ᠶᠢᠨ ︿ᠰᠠᠭᠠᠳ ᠥᠬᠡᠶ ᠨᠡᠪᠲᠡᠷᠡᠬᠦ ᠵᠠᠮ﹀  ᠪᠠᠷ ᠪᠠᠴᠢᠮ ᠱᠠᠭᠠᠷᠳᠠᠭᠳᠠᠨ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ      ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠠᠷᠭ᠎ᠠ᠄ http://www.bfrsks.com/third_login ᠰᠦᠯᠵᠢᠶᠠᠨ ᠳᠤ ᠨᠡᠪᠲᠡᠷᠡᠵᠦ᠂ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠳᠤ ᠣᠷᠣᠬᠤ ᠡᠰᠡᠬᠦ ᠶᠢ ᠥᠪᠡᠷ ᠢᠶᠠᠨ ᠪᠠᠶᠢᠴᠠᠭᠠᠨ ᠯᠠᠪᠯᠠᠭᠠᠷᠠᠶ᠂ ᠨᠡᠪᠲᠡᠷᠡᠬᠦ ᠲᠠᠩᠰᠠᠨ ᠨᠣᠮᠧᠷ ᠨᠢ ᠪᠡᠶ᠎ᠡ ᠶᠢᠨ ᠦᠨᠡᠮᠯᠡᠯ ᠤᠨ ᠨᠣᠮᠧᠷ᠂ ᠨᠢᠭᠤᠴᠠ ᠨᠣᠮᠧᠷ ᠨᠢ ᠪᠡᠶ᠎ᠡ ᠶᠢᠨ ᠦᠨᠡᠮᠯᠡᠯ ᠤᠨ ᠨᠣᠮᠧᠷ ᠤᠨ ᠠᠷᠤ ᠶᠢᠨ ᠵᠢᠷᠭᠤᠭᠠᠨ ᠣᠷᠣᠨ ︵ᠬᠡᠷᠪᠡ ︽X︾ ᠦᠰᠦᠭ ᠲᠠᠢ ᠨᠡᠪᠲᠡᠷᠡᠵᠦ ᠳᠡᠶᠢᠯᠦᠭᠰᠡᠨ ᠥᠬᠡᠶ ᠪᠣᠯ ᠂ ᠶᠡᠭᠡ ᠪᠠᠭ᠎ᠠ ᠪᠢᠴᠢᠯᠭᠡ ᠶᠢ ᠰᠣᠯᠢᠭᠠᠷᠠᠶ︶᠂ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠴᠠᠭ ᠨᠢ 2024 ᠣᠨ ᠤ 10 ᠰᠠᠷ᠎ᠠ ᠶᠢᠨ 28 ᠤ ᠡᠳᠦᠷ ᠠᠴᠠ 2024 ᠣᠨ ᠤ 10 ᠰᠠᠷ᠎ᠠ ᠶᠢᠨ 30 ᠤ ᠡᠳᠦᠷ ᠪᠣᠯᠤᠨ᠎ᠠ᠃       ᠬᠤᠶᠠᠷ᠂ ᠪᠡᠶ᠎ᠡ ᠶᠢᠨ ᠪᠠᠶᠢᠴᠠᠭᠠᠯᠲᠠ       ︵ᠨᠢᠭᠡ︶ ᠪᠡᠶ᠎ᠡ ᠶᠢᠨ ᠪᠠᠶᠢᠴᠠᠭᠠᠯᠲᠠ ᠶᠢᠨ ᠴᠠᠭ ᠵᠢᠴᠢ ᠭᠠᠵᠠᠷ      2024 ᠣᠨ ᠤ 10 ᠰᠠᠷ᠎ᠠ ᠶᠢᠨ 31 ᠤ ᠡᠳᠦᠷ ᠤᠨ ᠥᠷᠯᠥᠭᠡ ᠶᠢᠨ 7᠄ 00 ᠴᠠᠭ ᠠᠴᠠ ᠡᠮᠦᠨ᠎ᠡ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠵᠡᠭᠦᠨ ᠲᠠᠯ᠎ᠠ ᠶᠢᠨ ᠡᠭᠦᠳᠡᠨ ᠡᠮᠨᠡᠯᠭᠡ ᠶᠢᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ᠴᠣᠭᠯᠠᠷᠠᠨ᠎ᠠ᠃       ︵ᠬᠤᠶᠠᠷ︶ ᠪᠡᠶ᠎ᠡ ᠶᠢᠨ ᠪᠠᠶᠢᠴᠠᠭᠠᠯᠲᠠ ᠬᠢᠬᠦ ᠳᠤ ᠡᠷᠬᠡᠪᠰᠢ ᠮᠡᠳᠡᠬᠦ ᠬᠡᠷᠡᠭᠲᠡᠶ ᠵᠦᠢᠯ      1. ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠳ ᠡᠷᠬᠡᠪᠰᠢ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠪᠠ ᠣᠶᠢᠷ᠎ᠠ ᠶᠢᠨ ᠬᠤᠭᠤᠴᠠᠭᠠᠨ ᠤ ᠬᠤᠶᠠᠷ ᠢᠮᠠᠬᠤ ᠶᠢᠨ ᠮᠠᠯᠠᠭᠠᠶ ᠥᠬᠡᠶ ᠦᠨᠡᠮᠯᠡᠯ ᠤᠨ ᠰᠡᠭᠦᠳᠡᠷ ᠢᠶᠠᠨ ᠠᠪᠴᠤ ᠣᠴᠢᠬᠤ ᠬᠡᠷᠡᠭᠲᠡᠶ᠃      2. ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ 360 ᠲᠥᠭᠦᠷᠢᠭ ︵ᠪᠡᠯᠡᠨ ᠵᠣᠭᠤᠰ ᠠᠪᠴᠤ ᠶᠠᠪᠤᠭᠠᠷᠠᠶ︶ ᠢ ᠪᠠᠶᠢᠴᠠᠭᠠᠯᠲᠠ ᠳᠤ ᠣᠷᠣᠯᠴᠠᠬᠤ ᠬᠦᠮᠦᠰ ᠥᠪᠡᠷ ᠢᠶᠠᠨ ᠳᠠᠭᠠᠭᠠᠨ᠎ᠠ᠂ ᠬᠡᠷᠪᠡ ᠤᠯᠠᠮ ᠨᠢᠭᠡ ᠠᠯᠬᠤᠮ ᠪᠠᠶᠢᠴᠠᠭᠠᠬᠤ ᠪᠤᠶᠤ ᠳᠠᠬᠢᠨ ᠪᠠᠶᠢᠴᠠᠭᠠᠬᠤ ᠴᠢᠬᠤᠯᠠ ᠲᠠᠢ ᠪᠣᠯ ᠪᠣᠳᠠᠲᠠᠶ ᠡᠭᠦᠰᠦᠭᠰᠡᠨ ᠵᠠᠷᠤᠳᠠᠯ ᠢᠶᠠᠷ ᠪᠠᠷᠢᠮᠵᠢᠶ᠎ᠠ ᠪᠣᠯᠭᠠᠨ᠎ᠠ᠃      3. ᠵᠦᠶ ᠶᠣᠰᠣᠨ ᠤ ᠤᠴᠢᠷ ᠰᠢᠯᠲᠠᠭᠠᠨ ᠥᠬᠡᠶ ᠪᠠᠷ ᠪᠡᠶ᠎ᠡ ᠶᠢᠨ ᠪᠠᠶᠢᠴᠠᠭᠠᠯᠲᠠ ᠳᠤ ᠴᠠᠭ ᠲᠠᠭᠠᠨ ᠣᠷᠣᠯᠴᠠᠬᠤ ᠥᠬᠡᠶ᠂ ᠪᠡᠶ᠎ᠡ ᠶᠢᠨ ᠪᠠᠶᠢᠴᠠᠭᠠᠯᠲᠠ ᠬᠢᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠪᠤᠶᠤ ᠦᠨᠡᠨ ᠪᠠᠶᠢᠳᠠᠯ ᠢᠶᠠᠨ ᠨᠢᠭᠤᠨ ᠳᠠᠯᠳᠠᠯᠠᠭᠠᠳ᠂ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠤᠨ ᠦᠨᠡᠨ ᠪᠠᠶᠢᠳᠠᠯ ᠢ ᠠᠯᠳᠠᠭᠤᠯᠤᠭᠰᠠᠨ ᠤᠷᠢᠭᠳᠠᠭᠰᠠᠳ ᠢ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ᠪᠡᠶ᠎ᠡ ᠶᠢᠨ ᠪᠠᠶᠢᠴᠠᠭᠠᠯᠲᠠ ᠶᠢᠨ ᠬᠢᠷᠢ ᠬᠡᠮ ᠢ ᠨᠢ ᠬᠠᠰᠣᠵᠦ᠂ ᠲᠠᠷᠠᠭᠠᠴᠢ ᠶᠢᠨ ᠠᠯᠬᠤᠮ ᠳᠤ ᠣᠷᠣᠭᠤᠯᠬᠤ ᠥᠬᠡᠶ᠃      4. ᠪᠡᠶ᠎ᠡ ᠶᠢᠨ ᠪᠠᠶᠢᠴᠠᠭᠠᠯᠲᠠ ᠬᠢᠬᠦ ᠪᠠᠨ ᠪᠤᠯᠢᠭᠰᠠᠨ ᠪᠠ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠠᠴᠠ ᠪᠣᠯᠵᠣ ᠬᠤᠭᠤᠰᠣᠨ ᠣᠷᠣᠨ ᠲᠤᠭ᠎ᠠ ᠭᠠᠷᠤᠭᠰᠠᠨ ᠪᠠᠶᠢᠪᠠᠯ᠂ ︽ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ 2024 ᠣᠨ ᠤ ᠠᠵᠢᠯ ᠦᠢᠯᠡᠰ ᠤᠨ ᠨᠢᠭᠡᠴᠡ ᠶᠢᠨ ︿ᠰᠠᠭᠠᠳ ᠥᠬᠡᠶ ᠨᠡᠪᠲᠡᠷᠡᠬᠦ ᠵᠠᠮ﹀ ᠪᠠᠷ ᠪᠠᠴᠢᠮ ᠬᠡᠷᠡᠭᠰᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠯᠪᠠᠨ ᠵᠠᠷ︾ ᠤᠨ ᠱᠠᠭᠠᠷᠳᠠᠯᠭ᠎ᠠ ᠶᠣᠰᠣᠭᠠᠷ ᠲᠠᠰ ᠳᠠᠷᠠᠭᠠᠯᠠᠨ ᠠᠳᠠᠯᠢ ᠲᠤᠭ᠎ᠠ ᠪᠠᠷ ᠨᠥᠬᠦᠪᠥᠷᠢᠯᠡᠨ᠎ᠡ᠃      ᠯᠠᠪᠯᠠᠬᠤ ᠤᠲᠠᠰᠤ᠄      0476 — 5355006 ︵ᠯᠢᠨᠰᠢ ᠰᠢᠶᠠᠨ ᠤ ᠨᠠᠮ ᠪᠠ ᠣᠯᠠᠨ ᠲᠦᠮᠡᠨ ᠤ ᠰᠠᠯᠠᠭ᠎ᠠ ᠮᠥᠴᠢᠷ ᠤᠨ ᠠᠵᠢᠯ ᠤᠨ ᠪᠠᠶᠢᠷᠢ︶      0476 — 5322441 ︵ᠯᠢᠨᠰᠢ ᠰᠢᠶᠠᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠢᠯ ᠤᠨ ᠪᠠᠶᠢᠷᠢ︶      ᠮᠡᠷᠭᠡᠵᠢᠯ ᠤᠨ ᠤᠲᠠᠰᠤ᠄ 0471 — 5186976                                           ᠤᠯᠠᠭᠠᠨᠬᠠᠳᠠ ᠬᠤᠲᠠ ᠶᠢᠨ ᠯᠢᠨᠰᠢ ᠰᠢᠶᠠᠨ ᠤ ᠴᠢᠳᠠᠪᠤᠷᠢᠲᠠᠨ ᠢ                                 ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ                                    2024 ᠣᠨ ᠤ 10 ᠰᠠᠷ᠎ᠠ ᠶᠢᠨ 27  ᠤ ᠡᠳᠦᠷ  
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号