ᠴᠠᠬᠢᠯᠭᠠᠨ ᠬᠥᠳᠡᠯᠭᠡᠭᠦᠷᠲᠦ ᠭᠤᠷᠪᠠ᠂ ᠳᠥᠷᠪᠡᠨ ᠬᠦᠷᠳᠦᠲᠦ ᠲᠡᠷᠭᠡᠨ ᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠢ ᠪᠦᠲᠦᠮᠵᠢᠲᠡᠶ ᠰᠡᠷᠭᠡᠶᠢᠯᠡᠵᠦ ᠪᠠᠭᠠᠰᠬᠠᠨ᠂ ᠵᠠᠮ | ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠣᠯᠠᠬᠤ ᠶᠢᠨ ᠲᠥᠯᠥᠭᠡ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ ᠶᠢ ᠬᠡᠷᠡᠭᠵᠢᠭᠦᠯᠬᠦ ᠲᠦᠷᠢᠮ︾ ᠵᠢᠴᠢ ︽ᠤᠯᠠᠭᠠᠨᠬᠠᠳᠠ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ | ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ | ᠵᠠᠮ ᠬᠠᠷᠢᠯᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠲᠠ ᠶᠢᠨ ᠲᠣᠭᠤᠷᠢᠭ ᠲᠤ ᠫᠠᠶᠢᠰᠠ ᠥᠬᠡᠶ | ᠴᠠᠬᠢᠯᠭᠠᠨ ᠬᠥᠳᠡᠯᠭᠡᠭᠦᠷᠲᠦ ᠭᠤᠷᠪᠠ᠂ ᠳᠦᠷᠪᠡᠨ ᠬᠦᠷᠳᠦᠲᠦ ᠲᠡᠷᠭᠡᠨ ᠤ ᠬᠤᠷᠢᠭᠠᠲᠠᠶ ᠵᠠᠮ ᠤᠨ ᠬᠡᠰᠡᠭ | ᠭᠠᠷᠭᠠᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠲᠣᠰ ᠵᠠᠷᠯᠠᠯ ᠳᠠᠬᠢ ︽ᠫᠠᠶᠢᠰᠠ ᠡᠯᠭᠦᠨ ᠳᠠᠩᠰᠠᠯᠠᠭᠤᠯᠤᠭᠰᠠᠨ ᠥᠬᠡᠶ ᠴᠠᠬᠢᠯᠭᠠᠨ ᠬᠥᠳᠡᠯᠭᠡᠭᠦᠷᠲᠦ | ᠭᠤᠷᠪᠠ᠂ ᠳᠥᠷᠪᠡᠨ ᠬᠦᠷᠳᠦᠲᠦ ᠲᠡᠷᠭᠡ ︾ ᠭᠡᠳᠡᠭ ᠨᠢ ᠲᠣᠭᠲᠠᠭᠠᠯ ᠶᠣᠰᠣᠭᠠᠷ ᠳᠠᠩᠰᠠᠯᠠᠭᠤᠯᠵᠤ ᠪᠦᠷᠢᠳᠬᠡᠭᠦᠯᠦᠭᠰᠡᠨ | ᠥᠬᠡᠶ ᠴᠠᠬᠢᠯᠭᠠᠨ ᠬᠥᠳᠡᠯᠭᠡᠭᠦᠷᠲᠦ ᠭᠤᠷᠪᠠ᠂ ᠳᠥᠷᠪᠡᠨ ᠬᠦᠷᠳᠦᠲᠦ ᠲᠡᠷᠭᠡ ︵ᠫᠠᠶᠢᠰᠠ ᠡᠯᠭᠦᠬᠦ ᠨᠥᠬᠦᠴᠡᠯ ᠳᠤ | ᠨᠡᠶᠢᠴᠡᠭᠰᠡᠨ ᠪᠠᠶᠢᠲᠠᠯ᠎ᠠ ᠭᠦᠢᠴᠡᠳᠭᠡᠭᠰᠡᠨ ᠥᠬᠡᠶ︶ ᠪᠠ ︽ᠤᠯᠠᠭᠠᠨᠬᠠᠳᠠ ᠬᠤᠲᠠ ᠶᠢᠨ ᠴᠠᠬᠢᠯᠭᠠᠨ ᠬᠥᠳᠡᠯᠭᠡᠭᠦᠷᠲᠦ | ᠲᠡᠷᠭᠡ ᠶᠢᠨ ᠬᠠᠮᠢᠶᠠᠷᠤᠯᠲᠠ ᠶᠢᠨ ᠲᠦᠷᠢᠮ︾ ᠢ ᠬᠡᠷᠡᠭᠵᠢᠭᠦᠯᠬᠦ ︵2023 ᠣᠨ ᠤ 8 ᠳ᠋ᠤᠭᠠᠷ ᠰᠠᠷ᠎ᠠ ᠶᠢᠨ 1 ᠤ | ᠡᠳᠦᠷ︶ ᠠᠴᠠ ᠡᠮᠦᠨ᠎ᠡ ᠬᠤᠳᠠᠯᠳᠤᠨ ᠠᠪᠤᠭᠰᠠᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ | ︽ᠵᠠᠮ ᠬᠠᠷᠢᠯᠴᠠᠭᠠᠨ ᠤ ᠮᠠᠰᠢᠨ ᠲᠡᠷᠭᠡ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠦᠢᠯᠡᠳᠭᠦᠨ ᠤ ᠠᠯᠪᠠᠨ ᠵᠠᠷ︾ | ᠳᠤ ᠣᠷᠣᠭᠤᠯᠤᠭᠠᠳᠤᠶ ᠬᠠᠤᠯᠢ ᠶᠣᠰᠣᠭᠠᠷ ᠳᠡᠩᠰᠡᠯᠡᠨ ᠲᠡᠮᠳᠡᠭᠯᠡᠬᠦ ᠨᠥᠬᠦᠴᠡᠯ ᠳᠤ ᠥᠯᠥ ᠨᠡᠶᠢᠴᠡᠬᠦ ᠴᠠᠬᠢᠯᠭᠠᠨ | ᠬᠥᠳᠡᠯᠭᠡᠭᠦᠷᠲᠦ ᠭᠤᠷᠪᠠ᠂ ᠳᠥᠷᠪᠡᠨ ᠬᠦᠷᠳᠦᠲᠦ ᠲᠡᠷᠭᠡ ︵︽ᠪᠠᠷᠢᠮᠵᠢᠶ᠎ᠠ ᠪᠤᠰᠤ︾ ᠲᠡᠷᠭᠡ ᠭᠡᠵᠦ ᠲᠣᠪᠴᠢᠯᠠᠨ᠎ᠠ︶ | ᠶᠢ ᠵᠢᠭᠠᠨ᠎ᠠ᠃ | ︽ᠤᠯᠠᠭᠠᠨᠬᠠᠳᠠ ᠬᠤᠲᠠ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢᠨ ᠲᠦᠷᠢᠮ︾ ᠢ | ᠬᠡᠷᠡᠭᠵᠢᠭᠦᠯᠦᠭᠰᠡᠨ ᠤ ᠳᠠᠷᠠᠭ᠎ᠠ ᠬᠤᠳᠠᠯᠳᠤᠨ ᠠᠪᠤᠭᠰᠠᠨ ︽ᠪᠠᠷᠢᠮᠵᠢᠶ᠎ᠠ ᠪᠤᠰᠤ︾ ᠲᠡᠷᠭᠡ ᠶᠢᠨ ᠶᠠᠪᠤᠬᠤ ᠶᠢ | ᠴᠠᠭᠠᠵᠠᠯᠠᠬᠤ ᠴᠠᠭ᠂ ᠴᠠᠭᠠᠵᠠᠯᠠᠬᠤ ᠣᠷᠣᠨ ᠪᠦᠰᠡ ᠳᠤ 2024 ᠣᠨ ᠤ 5 ᠳ᠋ᠤᠭᠠᠷ ᠰᠠᠷ᠎ᠠ ᠶᠢᠨ 10 ᠤ ᠡᠳᠦᠷ ᠤᠨ | ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠨᠡᠶᠢᠲᠡᠯᠡᠭᠰᠡᠨ ︽ᠯᠢᠨᠰᠢ ᠰᠢᠶᠠᠨ ᠤ | ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠵᠠᠷᠯᠠᠯ ︵ᠨᠢᠭᠡ︶︾ ᠤᠨ | ᠲᠣᠭᠲᠠᠭᠠᠯ ︵ᠭᠤᠤᠯ ᠬᠤᠲᠠ ᠲᠣᠭᠤᠷᠢᠭ ᠤᠨ ᠪᠥᠬᠦ ᠴᠠᠷᠠᠭᠠᠨ ᠳᠤ ᠵᠠᠮ ᠳᠤ ᠭᠠᠷᠬᠤ ᠶᠢ ᠴᠠᠭᠠᠵᠠᠯᠠᠨ᠎ᠠ︶ ᠢ | ᠬᠡᠷᠡᠭᠵᠢᠭᠦᠯᠵᠦ᠂ ᠲᠣᠰ ᠡᠳᠦᠷ ᠠᠴᠠ ᠡᠬᠢᠯᠡᠨ ᠴᠢᠩᠭᠠᠳᠬᠠᠨ ᠬᠠᠮᠢᠶᠠᠷᠣᠨ᠎ᠠ᠃ | ᠬᠤᠶᠠᠷ᠂ ᠬᠤᠷᠢᠭᠠᠲᠠᠶ ᠵᠠᠮ ᠤᠨ ᠬᠡᠰᠡᠭ | ᠯᠢᠨᠰᠢ ᠶᠡᠭᠡ ᠵᠠᠮ ᠤᠨ ᠴᠠᠩ ᠯᠤ᠋ ᠵᠡᠭᠡᠯᠢ ᠶᠢᠨ ᠵᠠᠮ ᠤᠨ ᠠᠭᠤᠯᠵᠠᠷ ᠠᠴᠠ ᠶᠢᠨ ᠴᠧᠩ ᠵᠡᠭᠡᠯᠢ ᠶᠢᠨ ᠵᠠᠮ ᠤᠨ | ᠠᠭᠤᠯᠵᠠᠷ ︵ᠯᠢᠨᠰᠢ ᠶᠡᠭᠡ ᠵᠠᠮ ᠤᠨ ᠰᠧ ᠳ᠋ᠤᠤ ᠵᠡᠭᠡᠯᠢ ᠶᠢᠨ ᠵᠠᠮ ᠤᠨ ᠠᠭᠤᠯᠵᠠᠷ ᠠᠴᠠ ᠡᠯ ᠳ᠋ᠤᠤ ᠵᠡᠭᠡᠯᠢ ᠶᠢᠨ | ᠵᠠᠮ ᠤᠨ ᠠᠭᠤᠯᠵᠠᠷ︶ ᠬᠦᠷᠲᠡᠯ᠎ᠡ᠂ ᠪᠠᠶᠢᠳᠠᠯ ᠢ ᠨᠢ ᠦᠵᠡᠵᠦ ᠪᠠᠶᠢᠭᠠᠳ ᠬᠤᠷᠢᠭᠠᠲᠠᠶ ᠵᠠᠮ ᠤᠨ ᠬᠡᠪᠴᠢᠶ᠎ᠡ ᠶᠢ ᠲᠥᠪ | ᠬᠤᠲᠠ ᠶᠢᠨ ᠲᠣᠭᠤᠷᠢᠭ ᠤᠨ ᠪᠥᠬᠦ ᠴᠠᠷᠠᠭᠠᠨ ᠳᠤ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠨ᠎ᠡ᠃ | ᠭᠤᠷᠪᠠ᠂ ᠬᠤᠷᠢᠭᠠᠲᠠᠶ ᠴᠠᠭ | 2024 ᠣᠨ ᠤ 11 ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦᠯᠢ ᠡᠳᠦᠷ ᠤᠨ 24 ᠴᠠᠭ᠃ | ᠳᠥᠷᠪᠡ᠂ ᠴᠠᠭᠠᠵᠠᠯᠠᠬᠤ ᠠᠷᠭ᠎ᠠ ᠬᠡᠮᠵᠢᠶ᠎ᠡ | ᠫᠠᠶᠢᠰᠠ ᠡᠯᠭᠦᠨ ᠳᠠᠩᠰᠠᠯᠠᠭᠰᠠᠨ ᠥᠬᠡᠶ ᠭᠤᠷᠪᠠ᠂ ᠳᠥᠷᠪᠡᠨ ᠬᠦᠷᠳᠦᠲᠦ ᠴᠠᠬᠢᠯᠭᠠᠨ ᠬᠥᠳᠡᠯᠭᠡᠭᠦᠷᠲᠦ ᠲᠡᠷᠭᠡ | ᠨᠡᠪᠲᠡᠷᠡᠬᠦ ᠶᠢ ᠴᠠᠭᠠᠵᠠᠯᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠤᠯᠢ ᠶᠣᠰᠣᠭᠠᠷ | ᠲᠡᠷᠭᠡ ᠬᠥᠰᠬᠡ ᠶᠢ ᠦᠯᠡᠳᠡᠭᠡᠨ ᠠᠪᠬᠤ᠂ ᠵᠣᠭᠤᠰ ᠢᠶᠠᠷ ᠲᠣᠷᠭᠠᠬᠤ᠂ ᠢᠯᠡᠴᠢᠯᠡᠬᠦ ᠵᠡᠷᠭᠡ ᠠᠷᠭ᠎ᠠ ᠬᠡᠮᠵᠢᠶ᠎ᠡ ᠠᠪᠴᠤ | ᠴᠢᠩᠭ᠎ᠠ ᠬᠠᠮᠢᠶᠠᠷᠤᠨ ᠴᠢᠩᠭ᠎ᠠ ᠰᠢᠢᠳᠪᠦᠷᠢᠯᠡᠨ᠎ᠡ᠃ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠤ ᠬᠠᠤᠯᠢ ᠶᠣᠰᠣᠭᠠᠷ | ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠤᠶᠤ ᠵᠠᠪᠰᠢᠶᠠᠨ ᠢ ᠳᠠᠯᠢᠮᠳᠠᠭᠤᠯᠤᠨ ᠤᠯᠠᠨ ᠢ ᠴᠤᠭᠯᠠᠭᠤᠯᠤᠨ | ᠬᠡᠷᠡᠭ ᠥᠳᠥᠭᠡᠬᠦ᠂ ᠤᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠴᠢᠩᠭ᠎ᠠ ᠰᠢᠢᠳᠭᠡᠨ᠎ᠡ᠂ ᠶᠠᠯ᠎ᠠ ᠪᠤᠯᠵᠤ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 2023 ᠣᠨ ᠤ 8 ᠰᠠᠷ᠎ᠠ ᠶᠢᠨ 1 ᠤ ᠡᠳᠦᠷ ︽ᠤᠯᠠᠭᠠᠨᠬᠠᠳᠠ ᠬᠤᠲᠠ ᠶᠢᠨ ᠴᠠᠬᠢᠯᠭᠠᠨ ᠬᠥᠳᠡᠯᠭᠡᠭᠦᠷᠲᠦ | ᠲᠡᠷᠭᠡ ᠶᠢᠨ ᠬᠠᠮᠢᠶᠠᠷᠤᠯᠲᠠ ᠶᠢᠨ ᠳᠦᠷᠢᠮ︾ ᠢ ᠵᠢᠩᠬᠢᠨᠢ ᠪᠠᠷ ᠬᠡᠷᠡᠭᠵᠢᠭᠦᠯᠦᠨ᠂ ᠲᠦᠷᠢᠮ ᠤᠨ ᠶᠢᠰᠦᠳᠦᠭᠡᠷ | ᠵᠦᠢᠯ ᠤᠨ ᠬᠤᠶᠠᠳᠤᠭᠠᠷ ᠪᠠᠳᠠᠭ ᠲᠤ᠄ ᠬᠡᠷᠡᠭᠯᠡᠭᠴᠢᠳ ᠴᠠᠬᠢᠯᠭᠠᠨ ᠬᠥᠳᠡᠯᠭᠡᠭᠦᠷᠲᠦ ᠲᠡᠷᠭᠡ ᠬᠤᠳᠠᠯᠳᠤᠨ | ᠠᠪᠬᠤ ᠳᠠᠭᠠᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠴᠢᠳᠠᠮᠵᠢ᠂ ᠬᠡᠪ ᠬᠡᠮᠵᠢᠶ᠎ᠡ᠂ ᠪᠠᠷᠢᠮᠵᠢᠶ᠎ᠠ᠂ ᠬᠢᠷᠢ | ᠲᠡᠩᠴᠡᠭᠰᠡᠨ ᠦᠨᠡᠮᠯᠡᠯ᠂ ᠲᠣᠳᠣᠷᠬᠠᠶᠢᠯᠠᠯᠲᠠ ᠶᠢᠨ ᠪᠢᠴᠢᠭ ᠵᠡᠷᠭᠡ ᠶᠢ ᠣᠶᠢᠯᠠᠭᠠᠵᠤ᠂ ᠠᠯᠪᠠᠳᠠᠯᠭ᠎ᠠ ᠶᠢᠨ ᠴᠢᠨᠠᠷᠲᠠᠶ | ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ᠂ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠢᠶᠠᠷ ᠭᠡᠷᠡᠴᠢᠯᠡᠭᠦᠯᠦᠭᠰᠡᠨ | ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠳᠠᠯᠳᠤᠨ ᠠᠪᠬᠤ ᠶᠢᠨ ᠬᠠᠮᠲᠤ ᠬᠤᠳᠠᠯᠳᠣᠭᠰᠠᠨ ᠪᠠᠷᠢᠮᠲᠠ ᠪᠣᠯᠤᠨ ᠲᠡᠷᠭᠡ | ᠬᠥᠰᠬᠡ ᠶᠢᠨ ᠬᠢᠷᠢ ᠲᠡᠩᠴᠡᠭᠰᠡᠨ ᠦᠨᠡᠮᠯᠡᠯ ᠵᠡᠷᠭᠡ ᠬᠢᠷᠢ ᠬᠡᠮ ᠤᠨ ᠪᠢᠴᠢᠭ ᠢ ᠨᠡᠬᠡᠨ ᠠᠪᠴᠤ᠂ ᠴᠠᠭ ᠲᠤᠬᠠᠶ ᠳᠤᠨᠢ | ᠳᠠᠩᠰᠠᠯᠠᠭᠤᠯᠬᠤ ᠬᠡᠷᠡᠭᠲᠡᠶ ᠭᠡᠵᠦ ᠲᠣᠭᠲᠠᠭᠠᠵᠠᠶ᠃ | 2024 ᠣᠨ ᠤ 5 ᠰᠠᠷ᠎ᠠ ᠶᠢᠨ 10 ᠤ ᠡᠳᠦᠷ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠂ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠯᠢᠨᠰᠢ ᠰᠢᠶᠠᠨ ᠤ ᠵᠠᠮ | ᠲᠡᠭᠡᠭᠡᠪᠦᠷᠢ ᠶᠢᠨ ᠲᠣᠪᠴᠢᠶ᠎ᠠ᠂ ᠯᠢᠨᠰᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠲᠤᠷᠠᠨ ︽ᠯᠢᠨᠰᠢ ᠰᠢᠶᠠᠨ ᠤ ᠴᠠᠬᠢᠯᠭᠠᠨ ᠬᠥᠳᠡᠯᠭᠡᠭᠦᠷᠲᠦ | ᠲᠡᠷᠭᠡᠨ ᠤ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠵᠠᠷᠯᠠᠯ︾ ᠢ ᠨᠡᠶᠢᠲᠡᠯᠡᠨ᠂ ︽ᠤᠯᠠᠭᠠᠨᠬᠠᠳᠠ ᠬᠤᠲᠠ ᠶᠢᠨ | ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠮᠢᠶᠠᠷᠤᠯᠲᠠ ᠶᠢᠨ ᠲᠦᠷᠢᠮ︾ ᠳᠤ ᠲᠠᠶᠢᠯᠤᠮᠵᠢ ᠬᠢᠵᠦ᠂ ᠮᠠᠨ ᠤ ᠰᠢᠶᠠᠨ ᠤ | ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠴᠠᠬᠢᠯᠭᠠᠨ ᠬᠥᠳᠡᠯᠭᠡᠭᠦᠷᠲᠦ | ᠲᠡᠷᠭᠡ ᠳᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠠᠳᠡᠯ ᠭᠠᠷᠤᠭᠰᠠᠨ ᠲᠤᠭ᠎ᠠ᠂ | ᠥᠭᠦᠵᠦ ᠰᠢᠷᠬᠠᠲᠤᠭᠰᠠᠨ ᠬᠥᠮᠦᠨ ᠤ ᠲᠤᠭ᠎ᠠ ᠢᠯᠡᠳᠲᠡ ᠪᠠᠭᠠᠰᠴᠤ᠂ ᠵᠠᠮ ᠨᠡᠪᠲᠡᠷᠡᠯᠭᠡ ᠶᠢᠨ ᠡᠮᠬᠢ ᠵᠢᠷᠤᠮ | ᠲᠠᠰᠤᠷᠠᠯᠲᠠ ᠥᠬᠡᠶ ᠰᠠᠶᠢᠵᠢᠷᠠᠪᠠ᠃ | ᠣᠯᠤᠭᠰᠠᠨ ᠠᠮᠵᠢᠯᠲᠠ ᠪᠦᠲᠦᠮᠵᠢ ᠪᠠᠨ ᠪᠠᠲᠤᠳᠬᠠᠬᠤ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠨ ᠡᠯ᠎ᠡ ᠵᠦᠢᠯ ᠤᠨ ᠬᠠᠮᠢᠶᠠᠷᠤᠨ ᠡᠵᠡᠮᠳᠡᠵᠦ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ | ᠦᠷᠭᠦᠯᠵᠢᠯᠡᠨ ᠴᠢᠩᠭᠠᠳᠬᠠᠨ᠎ᠠ᠂ ᠲᠠᠨ ᠤ ᠬᠤᠪᠢ ᠪᠡᠶ᠎ᠡ ᠪᠣᠯᠤᠨ ᠪᠤᠰᠤᠳ ᠬᠥᠮᠦᠨ ᠤ ᠪᠡᠶ᠎ᠡ ᠮᠠᠬᠠᠪᠣᠳ ᠡᠳ᠋ | ᠬᠦᠷᠦᠩᠭᠡ ᠶᠢᠨ ᠠᠮᠤᠷ ᠲᠦᠪᠰᠢᠨ ᠤ ᠲᠥᠯᠥᠭᠡ᠂ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠢᠳᠡᠪᠬᠢᠲᠡᠢ | ᠳᠡᠮᠵᠢᠨ ᠬᠠᠮᠵᠢᠯᠴᠠᠵᠤ᠂ ︽ᠪᠠᠷᠢᠮᠵᠢᠶ᠎ᠠ ᠪᠤᠰᠤ︾ ᠴᠠᠬᠢᠯᠭᠠᠨ ᠬᠥᠳᠡᠯᠭᠡᠭᠦᠷᠲᠦ ᠲᠡᠷᠭᠡ ᠶᠢ ᠬᠤᠳᠠᠯᠳᠤᠨ ᠠᠪᠬᠤ | ᠦᠬᠡᠢ᠂ ᠬᠡᠷᠡᠭᠯᠡᠬᠦ ᠦᠬᠡᠢ᠂ ᠰᠠᠭᠤᠬᠤ ᠦᠬᠡᠢ ᠪᠠᠶᠢᠵᠤ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠮᠤᠷ ᠲᠦᠪᠰᠢᠨ᠂ ᠪᠣᠯᠪᠠᠰᠤᠨ᠂ ᠡᠮᠬᠢ ᠳᠢᠭᠯᠢᠮ ᠲᠠᠢ ᠵᠠᠮ | ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ᠃ | | ᠡᠭᠦᠨ ᠤ ᠲᠤᠯᠠ ᠣᠨᠴᠠᠭᠠᠶᠢᠯᠠᠨ ᠵᠠᠷᠯᠠᠪᠠ︕ | | ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | 2024 ᠣᠨ ᠤ 10 ᠰᠠᠷ᠎ᠠ ᠶᠢᠨ 8 ᠤ ᠡᠳᠦᠷ |