ᠯᠢᠨᠰᠢ ᠰᠢᠶᠠᠨ ᠤ ᠵᠠᠰᠠᠭ ᠤᠨ ᠣᠷᠳᠣᠨ ᠤ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠯᠢᠨᠰᠢ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ | ᠬᠠᠮᠢᠶᠠᠷᠤᠯᠲᠠ ᠶᠢᠨ ᠠᠷᠭ᠎ᠠ︾ ᠶᠢᠨ ᠰᠢᠨ᠎ᠡ ᠪᠠᠷ ᠨᠡᠮᠡᠭᠰᠡᠨ ᠭᠤᠣᠯ ᠠᠭᠤᠯᠭ᠎ᠠ ᠳᠤ ᠳᠣᠣᠷᠠᠬᠢ ᠬᠡᠳᠦᠨ ᠵᠦᠢᠯ ᠪᠤᠢ᠄ | ᠨᠢᠭᠡ ᠳᠤ᠂ ᠪᠠᠷᠠᠭᠠᠨ ᠤ ᠲᠥᠷᠥᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠤᠨ | ᠲᠥᠰᠦᠪ ᠢ ᠬᠢᠨᠠᠨ ᠲᠣᠭᠲᠠᠭᠠᠬᠤ ᠬᠡᠪᠴᠢᠶᠡᠨ ᠳᠤ ᠣᠷᠣᠭᠤᠯᠵᠦ᠂ ᠪᠠᠷᠠᠭᠠᠨ ᠤ ᠲᠥᠷᠥᠯ ᠤᠨ ᠲᠥᠷᠥᠯ ᠵᠦᠢᠯ ᠤᠨ | ᠲᠥᠰᠦᠪ ᠤᠨ ᠵᠣᠭᠤᠰ ᠤᠨ ᠲᠤᠭ᠎ᠠ ᠨᠢ 10 ᠲᠦᠮᠡᠨ ᠲᠥᠭᠦᠷᠢᠭ ᠠᠴᠠ ᠳᠡᠭᠡᠭᠰᠢ ︵10 ᠲᠦᠮᠡᠨ ᠲᠥᠭᠦᠷᠢᠭ | ᠪᠠᠭᠲᠠᠨ᠎ᠠ︶ ᠶᠢᠨ ᠬᠤᠳᠠᠯᠳᠤᠨ ᠠᠪᠬᠤ ᠲᠥᠷᠥᠯ ᠵᠦᠢᠯ ᠢ ᠬᠢᠨᠠᠨ ᠲᠣᠭᠲᠠᠭᠠᠬᠤ ᠲᠥᠪ ᠠᠴᠠ ᠬᠢᠨᠠᠨ ᠲᠣᠭᠲᠠᠭᠠᠬᠤ ᠶᠢ | ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠤ ᠳᠠᠷᠠᠭ᠎ᠠ ᠰᠠᠶ᠋ᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠯᠬᠤᠮ | ᠳᠠᠷᠠᠭᠠᠯᠠᠯ ᠢ ᠭᠦᠢᠴᠡᠳᠭᠡᠵᠦ᠂ ᠬᠢᠨᠠᠨ ᠲᠣᠭᠲᠠᠭᠠᠭᠰᠠᠨ ᠤ ᠳᠠᠷᠠᠭᠠᠬᠢ ᠵᠣᠭᠤᠰ ᠤᠨ ᠲᠤᠭ᠎ᠠ ᠪᠠᠷ ᠬᠠᠮᠤᠭ ᠤᠨ ᠥᠨᠳᠥᠷ | ᠬᠢᠵᠠᠭᠠᠷ ᠦᠨ᠎ᠡ ᠪᠣᠯᠭᠠᠵᠤ᠂ ᠡᠭᠦᠨ ᠤ ᠤᠯᠠᠮ ᠢᠶᠠᠷ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠬᠢᠨᠠᠨ | ᠲᠣᠭᠲᠠᠭᠠᠬᠤ ᠦᠢᠯᠡᠳᠦᠯ ᠢ ᠨᠠᠩ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ | ᠥᠨᠳᠥᠷ ᠦᠷ᠎ᠡ ᠠᠰᠢᠭ ᠢ ᠪᠠᠲᠤᠯᠠᠨ᠎ᠠ᠃ | ᠬᠤᠶᠠᠷ ᠲᠤ᠂ 10 ᠲᠦᠮᠡᠨ ᠲᠥᠭᠦᠷᠢᠭ ᠠᠴᠠ ᠳᠡᠭᠡᠭᠰᠢᠬᠢ ᠪᠠᠷᠠᠭᠠᠨ ᠤ ᠲᠥᠷᠥᠯ ᠪᠠ 60 ᠲᠦᠮᠡᠨ | ᠲᠥᠭᠦᠷᠢᠭ ᠠᠴᠠ ᠳᠡᠭᠡᠭᠰᠢᠬᠢ ᠢᠨᠵᠧᠨᠧᠷᠢᠩ ᠤᠨ ᠲᠥᠷᠥᠯ ᠤᠨ ᠲᠥᠷᠥᠯ ᠵᠦᠢᠯ ᠨᠢ ᠲᠥᠰᠦᠪ ᠬᠢᠨᠠᠨ ᠲᠣᠭᠲᠠᠭᠠᠬᠤ | ᠦᠶ᠎ᠡ ᠳᠤ ︽ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ | ᠬᠦᠰᠦᠨᠦᠭᠲᠦ︾ ᠶᠢ ᠲᠠᠭᠯᠠᠨ ᠵᠣᠬᠢᠶᠠᠵᠤ᠂ ᠪᠠᠯᠠ ᠮᠥᠩᠭᠦ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠬᠢᠨᠠᠨ | ᠲᠣᠭᠲᠠᠭᠠᠬᠤ ᠭᠤᠭᠴᠤᠭ᠎ᠠ ᠳᠤ ᠣᠷᠣᠭᠤᠯᠵᠤ᠂ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠬᠢᠨᠠᠨ | ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ ᠭᠠᠷ ᠤᠨ ᠥᠰᠥᠭ ᠵᠢᠷᠤᠵᠤ ᠵᠥᠪᠰᠢᠶᠡᠷᠡᠭᠰᠡᠨ ᠤ ᠳᠠᠷᠠᠭ᠎ᠠ ᠰᠠᠶ᠋ᠢ | ᠬᠠᠮᠢᠶ᠎ᠠ ᠪᠥᠬᠦᠶ ᠭᠠᠷᠳᠠᠮ ᠢ ᠭᠦᠢᠴᠡᠳᠭᠡᠵᠦ ᠪᠣᠯᠤᠨ᠎ᠠ᠃ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠬᠦᠰᠦᠨᠦᠭᠲᠦ ᠪᠠᠷ ᠲᠥᠷᠥᠯ ᠵᠦᠢᠯ ᠤᠨ ᠬᠢᠨᠠᠨ ᠲᠣᠭᠲᠠᠭᠠᠬᠤ ᠴᠤᠪᠤᠷᠠᠯ ᠢ ᠲᠣᠳᠣᠷᠬᠠᠶ᠂ ᠲᠣᠪᠴᠢ ᠠᠪᠰᠠᠷᠬᠠᠨ ᠢᠶᠠᠷ | ᠢᠯᠡᠷᠡᠭᠦᠯᠵᠦ᠂ ᠲᠥᠷᠥᠯ ᠵᠦᠢᠯ ᠤᠨ ᠬᠢᠨᠠᠨ ᠲᠣᠭᠲᠠᠭᠠᠬᠤ ᠲᠠᠰ ᠳᠠᠷᠠᠭᠠᠯᠠᠯ ᠢ ᠨᠠᠩ ᠰᠢᠯᠢᠳᠡᠭᠵᠢᠭᠦᠯᠦᠨ᠎ᠡ᠃ | ᠭᠤᠷᠪᠠ ᠳᠤ᠂ ᠢᠨᠵᠧᠨᠧᠷᠢᠩ ᠢ ᠬᠤᠪᠢᠷᠠᠭᠤᠯᠬᠤ᠂ ᠲᠤᠬᠠᠶ ᠶᠢᠨ ᠲᠠᠯᠠᠪᠤᠷ ᠲᠤ ᠬᠢᠨᠠᠨ ᠰᠢᠯᠭᠠᠬᠤ | ᠤᠷᠢᠳᠴᠢᠯᠠᠨ ︵ᠪᠠᠷᠤᠭᠯᠠᠵᠤ︶ ᠪᠤᠳᠤᠭᠰᠠᠨ ᠵᠣᠭᠤᠰ ᠤᠨ ᠲᠤᠭ᠎ᠠ ᠨᠢ ᠨᠡᠶᠢᠲᠡ 5 ᠲᠦᠮᠡᠨ ᠲᠥᠭᠦᠷᠢᠭ ︵5 | ᠲᠦᠮᠡᠨ ᠲᠥᠭᠦᠷᠢᠭ ᠪᠠᠭᠲᠠᠨ᠎ᠠ︶ ᠠᠴᠠ ᠳᠣᠷᠣᠭᠰᠢᠬᠢ ᠡᠳ᠋ ᠤᠨ ᠵᠠᠰᠠᠭ ᠤᠨ ᠬᠢᠨᠠᠨ ᠵᠥᠪᠰᠢᠶᠡᠷᠡᠬᠦ ᠬᠡᠰᠡᠭ ᠢ | ᠬᠠᠰᠤᠵᠤ᠂ ᠲᠥᠷᠥᠯ ᠵᠦᠢᠯ ᠨᠢ ᠬᠤᠪᠢᠷᠠᠭᠤᠯᠬᠤ ᠳᠤ ᠬᠤᠯᠪᠣᠭᠳᠠᠳᠠᠭ ᠯᠠ ᠶᠤᠮ ᠪᠣᠯ ᠴᠥᠮ ᠰᠢᠶᠠᠨ ᠤ ᠵᠠᠰᠠᠭ ᠤᠨ | ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃ |