1 - 4 ᠳ᠋ᠣᠭᠡᠷ ᠰᠠᠷ᠎ᠠ ᠳᠤ᠂ ᠮᠠᠨ ᠤ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 6.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 3.2% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ᠃ | ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠠᠴᠠ ᠠᠪᠴᠤ ᠦᠵᠡᠪᠡᠯ᠄ | ᠬᠤᠳᠠ ᠬᠥᠳᠡᠭᠡ ᠶᠢᠨ ᠵᠠᠬ᠎ᠠ ᠳᠡᠯᠭᠡᠭᠦᠷ ᠵᠡᠷᠭᠡ ᠪᠠᠷ ᠨᠡᠮᠡᠭᠳᠡᠪᠡ᠃ ᠬᠤᠳᠠ ᠪᠠᠯᠭᠠᠰᠤᠨ ᠤ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 28.0% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 33.4% ᠪᠠᠷ ᠨᠡᠮᠡᠭᠳᠡᠪᠡ᠃ | ᠬᠡᠷᠡᠭᠯᠡᠭᠡᠨ ᠤ ᠲᠦᠷᠦᠯ ᠵᠦᠢᠯ ᠠᠴᠠ ᠨᠢ ᠠᠪᠴᠤ ᠦᠵᠡᠪᠡᠯ᠄ | ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠤᠷᠳᠤᠴᠠ ᠢᠳᠡᠭᠡᠨ ᠤᠮᠳᠠᠭᠠᠨ ᠤ ᠬᠡᠷᠡᠭᠯᠡᠭᠡ ᠠᠴᠠ | ᠲᠦᠷᠭᠡᠨ ᠪᠣᠯᠪᠠ᠃ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ 32.4% ᠪᠠᠷ ᠨᠡᠮᠡᠭᠳᠡᠵᠦ᠂ ᠢᠳᠡᠭᠡᠨ | ᠤᠮᠳᠠᠭᠠᠨ ᠤ ᠣᠷᠣᠯᠭ᠎ᠠ 8.5% ᠪᠠᠷ ᠨᠡᠮᠡᠭᠳᠡᠪᠡ᠃ | ᠭᠤᠣᠯ ᠪᠣᠯᠬᠤ ᠲᠠᠸᠠᠷ ᠤᠨ ᠪᠣᠷᠣᠯᠠᠭᠤᠯᠭ᠎ᠠ ᠠᠴᠠ ᠦᠵᠡᠪᠡᠯ᠄ | ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠰᠡᠯ ᠤᠨ ᠲᠦᠷᠦᠯ ᠵᠦᠢᠯ ᠨᠡᠯᠢᠶᠡᠳ ᠲᠦᠷᠭᠡᠨ | ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠮᠤ ᠲᠤᠰᠤ ᠢᠳᠡᠭᠡᠨ ᠤ ᠵᠦᠢᠯ᠂ | ᠤᠮᠳᠠᠭᠠᠨ ᠤ ᠵᠦᠢᠯ᠂ ᠠᠷᠢᠬᠢ ᠲᠠᠮᠠᠬᠢᠨ ᠤ ᠵᠦᠢᠯ᠂ ᠡᠳᠦᠷ ᠲᠤᠳᠤᠮ ᠤᠨ ᠬᠡᠷᠡᠭᠯᠡᠭᠡᠨ ᠤ ᠵᠦᠢᠯ ᠢ ᠲᠤᠰ ᠲᠤᠰ 79. | 7%᠂ 52.1%᠂ 69.7%᠂ 34.5% ᠪᠠᠷ ᠨᠡᠮᠡᠭᠳᠡᠪᠡ︔ ᠵᠠᠪᠠᠯ ᠬᠡᠷᠡᠭᠰᠡᠬᠦ ᠪᠤᠰᠤ ᠲᠥᠷᠥᠯ ᠤᠨ | ᠲᠠᠸᠠᠷ ᠤᠨ ᠨᠡᠮᠡᠭᠳᠡᠯ ᠤᠨ ᠬᠠᠨᠳᠤᠰᠢ ᠲᠣᠭᠲᠠᠭᠤᠨ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠨᠢᠭᠡᠴᠢ ᠶᠢᠨ ᠬᠤᠪᠴᠠᠰᠤ ᠱᠠᠬᠠᠶ ᠮᠠᠯᠠᠭᠠᠶ ᠵᠡᠭᠦᠤ ᠵᠡᠷᠭᠡ ᠨᠡᠬᠡᠮᠡᠯ ᠤᠨ ᠪᠠᠷᠠᠭᠠᠨ ᠤ ᠲᠥᠷᠥᠯ᠂ ᠵᠠᠰᠠᠯ ᠴᠢᠮᠡᠭ ᠤᠨ | ᠡᠳ᠋ ᠤᠨ ᠲᠥᠷᠥᠯ ᠲᠣᠰ ᠲᠣᠰ 2.4%᠂ 8.4% ᠪᠠᠷ ᠨᠡᠮᠡᠭᠳᠡᠪᠡ᠃ |