ᠰᠦᠨ ᠱᠤᠤ ᠴᠧᠩ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/24
    5 ᠰᠠᠷ᠎ᠠ ᠶᠢᠨ 22 ᠠᠴᠠ 23 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠲᠠᠢ ᠲᠣᠰ ᠲᠣᠰ ᠶᠠᠷᠢᠯᠴᠠᠪᠠ᠃
   5 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠬᠤᠳᠠ ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠲᠤ ᠬᠦᠷᠴᠦ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠬᠦᠨ ᠤ ᠴᠢᠳᠠᠮᠵᠢ᠂ ᠬᠡᠷᠡᠭᠯᠡᠭᠡ᠂ ᠵᠠᠬ᠎ᠠ ᠳᠡᠯᠭᠡᠭᠦᠷ ᠵᠡᠷᠭᠡ ᠪᠠᠶᠢᠳᠠᠯ ᠢ ᠣᠶᠢᠯᠠᠭᠠᠪᠠ᠃    ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ    ᠰᠦᠨ ᠱᠤᠤ ᠴᠧᠩ ᠤᠷᠢᠳ ᠬᠤᠵᠢᠳ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠬᠤᠳᠠ ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠪᠣᠯᠣᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠤᠷᠢᠨᠭᠡᠷ ᠰᠢᠨ᠎ᠡ ᠲᠣᠭᠤᠷᠢᠭ ᠤᠨ ᠰᠠᠭᠤᠷᠢᠨ ᠳᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠠᠨᠢᠯᠴᠠᠭᠤᠯᠭ᠎ᠠ ᠶᠢ ᠰᠣᠨᠣᠰᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢ ᠪᠠᠶᠢᠴᠠᠭᠠᠨ ᠦᠵᠡᠪᠡ᠃ ᠪᠠᠶᠢᠭᠤᠯᠤᠮᠵᠢ ᠶᠢᠨ ᠠᠵᠢᠯᠯᠠᠭᠠᠨ ᠤ ᠲᠣᠭᠲᠠᠴᠠ ᠠᠴᠠ ᠴᠢᠳᠠᠪᠤᠷᠢᠲᠠᠨ ᠤ ᠪᠦᠯᠭᠦᠮ ᠭᠦᠷᠲᠡᠯ᠎ᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠠᠴᠠ ᠰᠡᠭᠦᠯᠴᠢ ᠶᠢᠨ ᠬᠤᠭᠤᠴᠠᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠭᠦᠷᠲᠡᠯ᠎ᠡ᠂ ᠭᠤᠭᠴᠤᠭ᠎ᠠ ᠨᠢᠭᠡᠪᠦᠷᠢ ᠶᠢ ᠲᠡᠷᠡ ᠴᠥᠮ ᠮᠠᠰᠢ ᠨᠠᠷᠢᠨ ᠨᠢᠮᠪᠠᠢ ᠠᠰᠠᠭᠤᠭᠰᠠᠨ ᠪᠥᠭᠡᠳ ᠣᠯᠠᠨ ᠢ ᠨᠠᠷᠢᠯᠢᠭ ᠭᠦᠨᠵᠡᠭᠡᠢ ᠠᠵᠢᠯᠯᠠᠨ᠂ ᠣᠯᠠᠨ ᠦᠷ᠎ᠡ ᠪᠦᠲᠦᠭᠡᠯ ᠭᠠᠷᠭᠠᠬᠤ ᠶᠢ ᠵᠣᠷᠢᠭᠵᠢᠭᠤᠯᠪᠠ᠃
   ᠰᠦᠨ ᠱᠤᠤ ᠴᠧᠩ ᠬᠤᠶᠠᠷ ᠠᠰᠠᠭᠤᠳᠠᠯ ᠢ ᠮᠠᠰᠢ ᠠᠩᠬᠠᠷᠴᠤ ᠪᠤᠶ᠂ ᠨᠢᠭᠡ ᠨᠢ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠣᠷᠣᠰᠢᠵᠤ ᠪᠠᠶᠢᠭ᠎ᠠ ᠳᠤᠲᠠᠭᠤᠳᠠᠯ ᠢᠯᠠᠩᠭᠤᠶ᠎ᠠ ᠪᠠᠶᠢᠭᠤᠯᠤᠮᠵᠢ ᠲᠣᠭᠲᠠᠴᠠ ᠶᠢᠨ ᠲᠠᠯ᠎ᠠ ᠶᠢᠨ ᠠᠰᠠᠭᠤᠳᠠᠯ᠂ ᠨᠥᠭᠦᠭᠡ ᠨᠢ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠭᠤᠣᠯ ᠰᠢᠪᠲᠤᠯᠤᠯᠲᠠ ᠶᠢᠨ ᠴᠢᠭᠯᠡᠯ ᠪᠣᠯᠣᠨ᠎ᠠ᠃ ᠭᠦᠷᠦᠭᠰᠡᠨ ᠭᠠᠵᠠᠷ ᠪᠣᠯᠭᠠᠨ ᠳᠤ᠂ ᠲᠡᠷᠡ ᠲᠠᠶᠢᠪᠤᠭᠤ ᠰᠠᠭᠤᠵᠤ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠴᠢᠨᠠᠷ ᠨᠢ ᠮᠡᠳᠡᠭᠡᠵᠢ ᠶᠢᠨ ᠶᠤᠮ᠂ ᠥᠪᠥᠷ ᠮᠣᠩᠭᠤᠯ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠳᠤ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠨᠢᠭᠡ ᠬᠤᠶᠠᠷ ᠴᠡᠭ ᠲᠤ ᠡᠬᠢᠯᠡᠨ ᠭᠦᠶᠦᠮᠡᠭᠴᠡ ᠬᠤᠰᠢᠭᠤᠷᠠᠬᠤ ᠶᠢ ᠲᠦᠷᠭᠡᠨ ᠪᠡᠶᠡᠯᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠭᠠᠵᠠᠷ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠬᠡᠳᠦ᠋ᠢᠪᠡᠷ ᠪᠠᠭᠤᠷᠠᠢ ᠪᠤᠯᠪᠠᠴᠤ ᠵᠠᠷᠢᠮ ᠬᠦᠷᠢᠶᠡᠨ ᠳᠤ ᠪᠠᠰᠠ ᠪᠠᠭ᠎ᠠ ᠪᠤᠰᠤ ᠦᠷ᠎ᠡ ᠪᠦᠲᠦᠭᠡᠯ ᠣᠯᠵᠠᠢ᠂ ᠤᠳᠠᠭᠠᠨ ᠳᠠᠭᠠᠭᠠᠮᠠᠭᠠᠢ ᠴᠢᠷᠮᠠᠶᠢᠳᠠᠭ ᠯᠠ ᠶᠤᠮ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠨᠢ ᠶᠡᠭᠡ ᠡᠷᠡᠮᠡᠯᠵᠡᠯ ᠲᠠᠢ ᠪᠠᠶᠢᠵᠤ᠂ ᠥᠪᠥᠷ ᠮᠣᠩᠭᠤᠯ ᠤᠨ ᠢᠷᠡᠭᠡᠳᠦᠢ ᠯᠠᠪᠲᠠᠢ ᠰᠠᠷᠠᠭᠤᠯ ᠰᠠᠶᠢᠬᠠᠨ ᠪᠤᠯᠬᠤ ᠶᠤᠮ ᠭᠡᠪᠡ᠃ ᠲᠠᠷᠠᠭᠠᠴᠢ ᠶᠢᠨ ᠠᠯᠬᠤᠮ ᠤᠨ ᠠᠵᠢᠯ ᠳᠤ᠂ ᠰᠦᠨ ᠱᠤᠤ ᠴᠧᠩ ᠪᠣᠳᠠᠲᠠᠢ ᠱᠠᠭᠠᠷᠳᠠᠯᠭ᠎ᠠ ᠳᠤᠷᠠᠳᠪᠠ᠃ ᠨᠢᠭᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠤᠳᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠪᠢ ᠬᠤᠪᠢᠨ ᠳᠠᠭᠠᠨ ᠪᠡᠶ᠎ᠡ ᠪᠠᠨ ᠳᠠᠭᠠᠭᠠᠵᠤ ᠪᠠᠶᠢᠯᠳᠤᠬᠤ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠶᠢ ᠲᠣᠪᠤᠶᠢᠯᠭᠠᠨ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠢᠭᠠᠷᠤ ᠲᠠᠯ᠎ᠠ ᠪᠠᠨ ᠨᠥᠬᠦᠪᠦᠷᠢᠯᠡᠵᠦ᠂ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠰᠠᠶᠢᠲᠤᠷ ᠪᠠᠶᠢᠭᠤᠯᠤᠨ ᠬᠥᠭᠵᠢᠭᠦᠯᠵᠦ᠂ ᠨᠡᠷ᠎ᠡ ᠨᠢᠳᠡᠷ ᠲᠡᠭᠡᠨ ᠨᠡᠶᠢᠴᠡᠭᠰᠡᠨ ᠪᠠᠶᠢᠬᠤ ᠬᠡᠷᠡᠭᠲᠡᠢ᠃ ᠲᠠᠪᠤ ᠳᠤ᠂ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠴᠢᠳᠠᠪᠤᠷᠢᠲᠠᠨ ᠢ ᠣᠨᠣᠴᠠᠲᠠᠢ ᠬᠥᠮᠥᠵᠢᠭᠦᠯᠦᠨ ᠥᠭᠴᠦ᠂ ᠬᠠᠨᠳᠤᠯᠭ᠎ᠠ ᠲᠠᠢ ᠪᠠᠷ ᠬᠥᠮᠥᠵᠢᠭᠦᠯᠦᠨ ᠥᠭᠬᠦ ᠬᠡᠷᠡᠭᠲᠡᠢ᠃ ᠵᠢᠷᠭᠤᠭ᠎ᠠ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠵᠠᠷᠤᠳᠠᠯ ᠤᠨ ᠬᠡᠷᠡᠭᠯᠡᠯᠲᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠦᠯᠡᠳᠡᠭᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠠᠭᠤᠴᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠳᠣᠯᠤᠭ᠎ᠠ ᠳᠤ᠂ ᠳᠡᠭᠡᠳᠦ ᠲᠠᠰ ᠤᠨ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ᠂ ᠡᠮᠴᠢᠯᠡᠭᠡ᠂ ᠶᠠᠪᠤᠵᠤ ᠰᠠᠭᠤᠬᠤ ᠵᠡᠷᠭᠡ ᠲᠠᠯ᠎ᠠ ᠪᠠᠷ ᠬᠦᠨᠳᠦᠳᠬᠡᠯ ᠪᠠ ᠬᠠᠷᠠᠭᠠᠯᠵᠠᠯ ᠦᠵᠡᠭᠦᠯᠭᠦ ᠬᠡᠷᠡᠭᠲᠡᠢ᠃ ᠨᠠᠢᠮᠠ ᠳᠤ᠂ ᠮᠠᠨ ᠤ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠪᠴᠠᠩ᠂ ᠰᠢᠨ᠎ᠡ ᠶᠢ ᠡᠭᠦᠳᠬᠦ ᠪᠦᠯᠭᠦᠮ ᠨᠡᠶᠢᠲᠡ ᠪᠣᠯᠣᠨ ᠰᠢᠯᠢᠳᠡᠭ ᠠᠵᠤ ᠠᠬᠤᠶᠢᠯᠠᠯ ᠢ ᠶᠡᠬᠡᠪᠡᠷ ᠤᠬᠠᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠶᠢᠰᠦ ᠳᠤ᠂ ᠦᠷ᠎ᠡ ᠪᠦᠲᠦᠭᠡᠯ ᠤᠨ ᠤᠬᠠᠮᠰᠠᠷ ᠢ ᠪᠤᠢ ᠪᠤᠯᠭᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠤᠯᠲᠠ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠥᠷᠨᠢᠭᠦᠯᠬᠦ ᠬᠡᠷᠡᠭᠲᠡᠢ᠃ ᠠᠷᠪᠠ ᠳᠤ᠂ ᠥᠪᠡᠷ ᠤᠨ ᠪᠡᠶ᠎ᠡ ᠳᠡᠭᠡᠨ ᠬᠡᠷᠡᠭᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠪᠣᠯᠣᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠣᠨᠳᠣᠣᠰᠢᠭᠤᠯᠤᠨ ᠬᠡᠷᠡᠭᠯᠡᠬᠦ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠠᠷᠪᠠᠨ ᠨᠢᠭᠡ ᠳᠤ᠂ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠷᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃    ᠢᠦᠢ ᠯᠢ ᠰᠢᠨ᠂ ᠪᠦᠦ ᠰᠢᠶᠠᠨ ᠬᠤᠸᠠ᠂ ᠶᠠᠩ ᠵᠢᠶᠧ᠂ ᠰᠦᠨ ᠵᠢᠶᠦ᠋ᠨ ᠴᠢᠩ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号