1 - 4 ᠳ᠋ᠣᠭᠡᠷ ᠰᠠᠷ᠎ᠠ ᠳᠤ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/5/29
    ᠭᠤᠷᠪᠠᠨ ᠶᠡᠭᠡ ᠲᠦᠷᠦᠯ ᠳᠤ ᠬᠤᠪᠢᠶᠠᠵᠤ ᠦᠵᠡᠪᠡᠯ     1 - 4 ᠳ᠋ᠣᠭᠡᠷ ᠰᠠᠷ᠎ᠠ ᠳᠤ᠂ ᠠᠭᠤᠷᠬᠠᠶ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 43.4% ᠪᠠᠷ ᠪᠠᠭᠤᠷᠠᠪᠠ︔  ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 43.2% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 8.5% ᠪᠠᠷ ᠪᠠᠭᠤᠷᠠᠪᠠ᠃      ᠠᠵᠤ ᠠᠬᠤᠶ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ      1 - 4 ᠳ᠋ᠣᠭᠡᠷ ᠰᠠᠷ᠎ᠠ ᠳᠤ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.8% ᠪᠠᠷ ᠪᠠᠭᠤᠷᠠᠪᠠ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 9.7% ᠨᠡᠮᠡᠭᠳᠡᠪᠡ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 79.5% ᠪᠠᠷ ᠨᠡᠮᠡᠭᠳᠡᠪᠡ᠃      ᠠᠵᠤ ᠠᠬᠤᠶ ᠶᠢᠨ ᠦᠷ᠎ᠡ ᠠᠰᠢᠭ ᠤᠨ ᠲᠠᠯ᠎ᠠ ᠠᠴᠠ ᠠᠪᠴᠦ ᠦᠵᠡᠪᠡᠯ      1 - 4 ᠳ᠋ᠣᠭᠡᠷ ᠰᠠᠷ᠎ᠠ ᠳᠤ᠂ ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 32.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠵᠡᠶ︔ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠴᠢᠳᠠᠪᠤᠷᠢ ᠵᠣᠬᠢᠬᠤ ᠬᠡᠮᠵᠢᠶ᠎ᠡ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠰᠢᠭ ᠬᠤᠨᠵᠢᠪᠤᠷᠢ ᠶᠢᠨ ᠨᠡᠮᠡᠭᠳᠡᠯ ᠤᠨ ᠬᠤᠷᠳᠤᠴᠠ ᠲᠦᠷᠦᠭᠦᠦ ᠰᠠᠷ᠎ᠠ ᠶᠢᠨ ᠬᠢ ᠠᠴᠠ 50.8 ᠵᠠᠭᠤᠨ ᠤ ᠨᠢᠭᠡᠴᠢ ᠦᠨᠳᠦᠷ ᠪᠣᠯᠪᠠ᠃  
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号