ᠮᠠᠨ ᠤ ᠣᠷᠣᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠡᠳᠬᠢᠯ ᠳᠤ ᠬᠠᠳᠠᠩᠰᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/31
    ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ ᠰᠤᠷᠤᠯᠴᠠᠯᠭ᠎ᠠ ᠶᠢᠨ ᠭᠡᠯᠪᠡᠷᠢ ᠶᠢ ᠪᠠᠶᠠᠯᠢᠭᠵᠢᠭᠤᠯᠵᠤ᠂ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠪᠠ ᠁ ᠣᠶᠢᠷ᠎ᠠ ᠶᠢᠨ ᠡᠳᠦᠷ ᠤᠳ ᠲᠤ᠂ ᠪᠦᠭᠦ ᠣᠷᠣᠨ ᠤ ᠡᠯ᠎ᠡ ᠭᠠᠵᠠᠷ ᠡᠯ᠎ᠡ ᠨᠢᠭᠡᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠪᠠᠷ ᠴᠢᠷᠮᠠᠶᠢᠵᠤ ᠪᠠᠶᠢᠨ᠎ᠠ᠃    ᠭᠦᠭᠡᠬᠤᠲᠠ ᠶᠢᠨ ᠬᠢᠨ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ ᠶᠢ ᠭᠦᠨᠵᠡᠭᠡᠢ ᠠᠬᠢᠭᠤᠯᠵᠤ ᠪᠠᠶᠢᠨ᠎ᠠ᠃ ᠪᠦᠭᠦ ᠬᠤᠳᠠ ᠶᠢᠨ ᠵᠠᠯᠠᠭᠤ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠤᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠠᠬᠢᠭᠤᠯᠵᠤ᠂ ᠨᠡᠩ ᠰᠠᠶᠢᠲᠤᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠰᠦᠨ ᠪᠤᠶᠢᠵᠢᠵᠤ ᠴᠢᠳᠠᠪᠤᠷᠢᠲᠠᠨ ᠪᠤᠯᠬᠤ ᠶᠢ ᠠᠬᠢᠭᠤᠯᠵᠤ ᠪᠠᠶᠢᠨ᠎ᠠ ᠃ ᠰᠤᠷᠲᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠦᠢᠯᠡᠴᠢᠯᠡᠬᠦ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠬᠦ᠂ ᠬᠠᠭᠤᠷᠮᠠᠭ ᠢᠶᠠᠷ ᠦᠢᠯᠡᠳᠬᠦ ᠵᠢᠴᠢ ᠤᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠢᠯᠡᠴᠢᠯᠡᠬᠦ ᠳᠤᠮᠳᠠ ᠨᠠᠵᠠᠭᠠᠢ ᠪᠠᠷ ᠠᠷᠭᠠᠴᠠᠭᠠᠬᠤ᠂ ᠬᠦᠢᠲᠡᠮᠰᠦᠭ ᠬᠠᠨᠳᠤᠬᠤ᠂ ᠦᠷ᠎ᠡ ᠪᠦᠲᠦᠮᠵᠢ ᠳᠣᠣᠷ᠎ᠠ ᠵᠡᠷᠭᠡ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠶᠢ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠢᠶᠠᠨ ᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ᠂ ᠰᠤᠷᠲᠠᠯ ᠢᠶᠠᠨ ᠴᠢᠩᠳᠠᠯᠠᠬᠤ ᠶᠠᠪᠤᠴᠠ ᠪᠣᠯᠭᠠᠪᠠ᠃    ᠦᠬᠠᠢ ᠬᠤᠳᠠ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ ᠢ ᠲᠣᠭᠲᠠᠭᠠᠵᠤ᠂ ᠠᠵᠢᠯ ᠤᠨ ᠡᠭᠦᠷᠭᠡ ᠶᠢ 6 ᠲᠠᠯ᠎ᠠ ᠶᠢᠨ 15 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠭᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ︽ᠴᠠᠭ ᠤᠨ ᠬᠦᠰᠦᠨᠦᠭᠲᠦ︾ ᠵᠢᠭᠰᠠᠭᠠᠵᠤ᠂ ︽ᠵᠠᠮ ᠱᠤᠭᠤᠮ ᠤᠨ ᠵᠢᠷᠤᠭ︾ ᠢ ᠵᠢᠷᠤᠵᠤ ᠥᠭᠪᠡ᠃ ᠦᠬᠠᠢ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠭᠦᠷᠭᠡ ᠶᠢᠨ ᠨᠠᠷᠢᠨ ᠳᠠᠩᠰᠠ ᠪᠠᠶᠢᠭᠤᠯᠤᠨ ᠪᠠᠭᠤᠯᠭᠠᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠮᠵᠢᠯᠴᠠᠬᠤ ᠰᠠᠯᠠᠭ᠎ᠠ ᠮᠥᠴᠢᠷ ᠵᠢᠴᠢ ᠪᠣᠳᠠᠲᠠᠢ ᠴᠠᠭ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠠᠷᠠᠯᠲᠠ ᠲᠠᠢ᠂ ᠬᠡᠷᠡᠭᠵᠢᠭᠦᠯᠵᠦ ᠪᠤᠯᠬᠤ᠂ ᠨᠠᠶᠢᠳᠠᠪᠤᠷᠢᠵᠢᠭᠤᠯᠬᠤ ᠳᠤ ᠠᠮᠠᠷ᠂ ᠬᠢᠨᠠᠯᠲᠠ ᠲᠠᠯᠪᠢᠬᠤ ᠳᠤ ᠲᠦᠭᠦᠮ ᠪᠣᠯᠭᠠᠪᠠ᠃    ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠰᠢᠭᠤᠳ ᠬᠠᠷᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠡᠷᠡᠭᠵᠢᠭᠦᠯᠬᠦ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠠᠷᠢᠭᠤᠴᠠᠯᠭᠠᠲᠤ ᠨᠢᠭᠡᠴᠢ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠲᠢᠩᠬᠢᠮ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠪᠠ ᠲᠤᠰᠬᠠᠢ ᠰᠡᠳᠦᠪᠲᠦ ᠲᠠᠶᠢᠯᠤᠮᠵᠢ ᠬᠢᠭᠰᠡᠨ ᠪᠥᠭᠡᠳ ᠰᠡᠷᠡᠮᠵᠢᠯᠡᠭᠦᠯᠭᠦ ᠬᠥᠮᠦᠵᠢᠯ ᠤᠨ ᠶᠡᠭᠡ ᠬᠤᠷᠠᠯ ᠬᠤᠷᠠᠯᠳᠤᠭᠤᠯᠬᠤ᠂ ᠰᠡᠷᠡᠮᠵᠢᠯᠡᠭᠦᠯᠭᠦ ᠬᠥᠮᠦᠵᠢᠯ ᠤᠨ ᠰᠠᠭᠤᠷᠢᠨ ᠢ ᠲᠣᠭᠤᠷᠢᠨ ᠦᠵᠡᠬᠦ᠂ ᠨᠠᠮ ᠤᠨ ᠡᠭᠦᠷ ᠤᠨ ᠲᠥᠪᠯᠡᠷᠡᠭᠦᠯᠦᠨ ᠰᠤᠷᠤᠯᠴᠠᠬᠤ ᠵᠡᠷᠭᠡ ᠭᠡᠯᠪᠡᠷᠢ ᠪᠠᠷ ᠳᠠᠮᠵᠢᠭᠤᠯᠤᠨ᠂ ᠲᠤᠰᠬᠠᠢ ᠰᠡᠳᠦᠪᠲᠦ ᠰᠤᠷᠤᠯᠴᠠᠯᠭ᠎ᠠ ᠶᠢ ᠴᠢᠩᠭᠠᠳᠬᠠᠵᠤ᠂ ᠭᠦᠨᠵᠡᠭᠡᠢ ᠰᠤᠷᠤᠯᠴᠠᠵᠤ ᠦᠨᠡᠨ ᠬᠦ ᠣᠶᠢᠯᠠᠭᠠᠬᠤ ᠳᠤᠮᠳᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠡᠭᠦᠨ ᠤ ᠬᠠᠮᠲᠤ᠂ ᠲᠤᠰ ᠲᠢᠩᠬᠢᠮ ᠨᠢ ︽ᠥᠪᠥᠷ ᠮᠣᠩᠭᠤᠯ ᠤᠨ ᠠᠯᠠᠭᠠᠨ ᠳᠡᠭᠡᠷᠡᠬᠢ 12348︾ ᠪᠠ ᠵᠢᠷᠭᠢᠶ᠎ᠡ ᠶᠢᠨ ᠤᠯᠠᠨ ᠨᠡᠶᠢᠲᠡ ᠶᠢᠨ ᠲᠠᠪᠴᠠᠩ ᠳᠤ ᠲᠦᠰᠢᠭᠯᠡᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠪᠤᠯᠤᠩ ᠭᠠᠷᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠤᠨ ᠠᠭᠤᠯᠭ᠎ᠠ ᠶᠢ ᠵᠤᠷᠪᠤᠰ ᠳᠠᠷᠠᠭᠠᠯᠠᠨ ᠨᠡᠶᠢᠲᠡᠯᠡᠨ ᠲᠠᠶᠢᠯᠪᠤᠷᠢᠯᠠᠵᠤ᠂ ᠨᠠᠮ ᠤᠨ ᠭᠡᠰᠢᠭᠦᠨ ᠤ ᠥᠪᠡᠷ ᠢ ᠪᠠᠨ ᠱᠠᠭᠠᠷᠳᠠᠬᠤ ᠤᠬᠠᠮᠰᠠᠷ ᠢ ᠴᠢᠩᠭᠠᠳᠬᠠᠪᠠ᠃    ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠡᠮᠬᠢ ᠵᠢᠷᠤᠮ ᠲᠠᠢ ᠶᠠᠪᠤᠭᠳᠠᠵᠤ ᠪᠤᠢ᠃ ᠪᠦᠭᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠮᠠᠲ᠋ᠧᠷᠢᠶᠠᠯ ᠢ ᠨᠠᠶᠢᠷᠠᠭᠤᠯᠤᠨ ᠬᠡᠪᠯᠡᠭᠦᠯᠵᠦ᠂ ᠪᠦᠭᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠭᠤᠴᠠᠭᠠᠨ ᠳᠤ ᠰᠡᠷᠡᠮᠵᠢᠯᠡᠭᠦᠯᠭᠦ ᠬᠥᠮᠦᠵᠢᠯ ᠢ ᠲᠥᠷᠥᠯ ᠬᠤᠪᠢᠶᠠᠨ ᠥᠷᠨᠢᠭᠦᠯᠬᠦ ᠠᠵᠢᠯ ᠤᠨ ᠲᠣᠬᠢᠷᠠᠭᠤᠯᠤᠯᠲᠠ ᠶᠢ ᠲᠣᠭᠲᠠᠭᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠳᠠᠭᠠᠭᠤᠯᠤᠨ ᠰᠤᠷᠤᠯᠴᠠᠵᠤ᠂ ᠨᠠᠮ ᠤᠨ ᠡᠭᠦᠷ ᠭᠦᠨᠵᠡᠭᠡᠢ ᠰᠤᠷᠤᠯᠴᠠᠪᠠ᠃ ᠨᠣᠮ ᠤᠩᠰᠢᠬᠤ ᠠᠩᠭᠢ᠂ ︽ᠭᠤᠷᠪᠠᠨ ᠬᠤᠷᠠᠯ ᠨᠢᠭᠡ ᠬᠢᠴᠢᠶᠡᠯ︾ ᠡᠷᠭᠢᠯᠡᠭᠦ᠂ ︽ᠳᠦᠷᠢᠮ︾ ᠢ ᠰᠤᠳᠤᠯᠤᠨ ᠶᠠᠷᠢᠯᠴᠠᠵᠤ ᠰᠣᠯᠢᠯᠴᠠᠬᠤ᠂ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠤᠷᠢᠳ ᠢᠶᠠᠷ ᠰᠤᠷᠤᠯᠴᠠᠭᠤᠯᠵᠤ᠂ ᠨᠡᠩ ᠭᠦᠨᠵᠡᠭᠡᠢ ᠰᠤᠷᠤᠯᠴᠠᠭᠤᠯᠵᠤ᠂ ᠢᠯᠡᠭᠦᠦ ᠰᠡᠷᠡᠮᠵᠢᠯᠡᠭᠦᠯᠪᠡ᠃    ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠪᠠ ᠪᠦᠭᠦ ᠲᠠᠯ᠎ᠠ ᠪᠠᠷ ᠡᠪᠯᠡᠯ ᠢ ᠴᠢᠩᠭ᠎ᠠ ᠵᠠᠰᠠᠬᠤ᠂ ᠡᠪᠯᠡᠯ ᠤᠨ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠣᠨ ᠤ ᠡᠭᠦᠷᠭᠡ ᠲᠠᠢ ᠨᠢᠭᠲᠠ ᠤᠶᠠᠯᠳᠤᠭᠤᠯᠵᠤ᠂ ︽ᠳᠦᠷᠢᠮ︾ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠬᠤ᠂ ᠲᠤᠰᠬᠠᠢ ᠮᠡᠷᠭᠡᠵᠢᠯᠲᠡᠨ ᠲᠠᠶᠢᠯᠪᠤᠷᠢᠯᠠᠨ ᠰᠤᠷᠤᠯᠴᠠᠬᠤ᠂ ᠣᠶᠢᠯᠠᠭᠠᠯᠲᠠ ᠪᠠᠨ ᠰᠣᠯᠢᠯᠴᠠᠨ ᠰᠤᠷᠤᠯᠴᠠᠯᠭ᠎ᠠ ᠶᠢ ᠠᠬᠢᠭᠤᠯᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠪᠣᠯᠣᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠠᠵᠢᠯ ᠤᠨ ᠰᠤᠷᠲᠠᠯ ᠪᠣᠯᠭᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠪᠠ᠃    ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠤᠯᠭᠠᠵᠤ᠂ ᠨᠠᠮ ᠤᠨ ᠤᠳᠤᠷᠢᠳᠬᠤ ᠳᠤᠭᠤᠶᠢᠯᠠᠩ ᠳᠠᠭᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠲᠠᠶᠢᠯᠤᠮᠵᠢ ᠬᠢᠵᠦ ᠬᠠᠪᠰᠤᠷᠤᠨ ᠵᠢᠯᠤᠭᠤᠳᠬᠤ ᠶᠢ ᠤᠶᠠᠯᠳᠤᠭᠤᠯᠬᠤ ᠵᠡᠷᠭᠡ ᠭᠡᠯᠪᠡᠷᠢ ᠪᠠᠷ ︽ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠰᠤᠳᠤᠯᠤᠨ ᠤᠩᠰᠢᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠰᠤᠷᠤᠯᠴᠠᠯᠭ᠎ᠠ ᠶᠢ ᠳᠠᠭᠠᠭᠤᠯᠤᠨ ᠤᠩᠰᠢᠯᠭ᠎ᠠ ᠶᠢ ᠵᠢᠯᠤᠭᠤᠳᠴᠤ᠂ ᠨᠠᠮ ᠤᠨ ᠭᠡᠰᠢᠭᠦᠨ ᠺᠠᠳ᠋ᠷᠴᠤᠳ ᠢ ᠬᠠᠪᠰᠤᠷᠤᠨ ᠰᠠᠬᠢᠯᠭ᠎ᠠ ᠪᠠᠲᠤ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢ ᠨᠢ ᠳᠡᠭᠡᠭᠰᠢᠯᠡᠭᠦᠯᠪᠡ︔ ᠪᠦᠭᠦ ᠨᠠᠮ ᠤᠨ ᠭᠡᠰᠢᠭᠦᠨ ᠺᠠᠳ᠋ᠷᠴᠤᠳ ᠲᠤᠰᠬᠠᠢ ᠰᠡᠳᠦᠪᠲᠦ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠡᠷᠡᠭ ᠤᠨ ᠠᠬᠤᠢ ᠪᠠᠶᠢᠳᠠᠯ ᠢ ᠲᠠᠭᠢᠨ ᠢᠯᠡᠷᠡᠭᠦᠯᠬᠦ ᠪᠠ ᠬᠠᠤᠯᠢ ᠰᠠᠬᠢᠯᠭ᠎ᠠ ᠶᠢ ᠵᠥᠷᠢᠴᠡᠭᠰᠡᠨ ᠬᠥᠮᠥᠰ ᠢᠶᠠᠷ ᠬᠡᠯᠡᠭᠦᠯᠬᠦ ᠪᠠᠷ ᠳᠠᠮᠵᠢᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠭᠢᠪᠠ︔ ᠰᠤᠳᠤᠯᠤᠨ ᠶᠠᠷᠢᠯᠴᠠᠵᠤ ᠰᠣᠯᠢᠯᠴᠠᠬᠤ ᠶᠠᠪᠤᠴᠠ ᠳᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠢ ᠪᠠᠷ ᠦᠭᠡ ᠬᠡᠯᠡᠵᠦ᠂ ᠰᠡᠷᠡᠮᠵᠢ ᠠᠪᠴᠤ᠂ ᠬᠤᠷᠢᠭ᠎ᠠ ᠱᠤᠭᠤᠮ ᠢ ᠲᠣᠳᠣᠷᠬᠠᠢ ᠮᠡᠳᠡᠵᠦ᠂ ᠵᠢᠷᠦᠬᠡᠰᠢᠶᠡᠬᠦ ᠶᠢ ᠮᠡᠳᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠭᠦ ᠶᠠᠪᠤᠴᠠ ᠪᠤᠯᠭᠠᠵᠤ᠂ ᠪᠦᠭᠦ ᠨᠠᠮ ᠤᠨ ᠭᠡᠰᠢᠭᠦᠨ ᠺᠠᠳ᠋ᠷᠴᠤᠳ ᠤᠨ ᠬᠠᠮᠲᠤ ᠶᠢᠨ ᠲᠠᠨᠢᠯᠲᠠ ᠪᠣᠯᠭᠠᠪᠠ᠃    ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠷᠠᠯᠲᠠ ᠲᠠᠢ ᠨᠢᠭᠲᠠ ᠤᠶᠠᠯᠳᠤᠭᠤᠯᠤᠨ ᠬᠡᠷᠡᠭᠵᠢᠭᠦᠯᠬᠦ ᠲᠥᠰᠥᠯ ᠲᠣᠭᠲᠠᠭᠠᠵᠤ᠂ ᠡᠭᠦᠷᠭᠡ ᠱᠠᠭᠠᠷᠳᠠᠯᠭ᠎ᠠ ᠶᠢ ᠨᠠᠮ ᠤᠨ ᠡᠭᠦᠷ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠨᠠᠶᠢᠳᠠᠪᠤᠷᠢᠵᠢᠭᠤᠯᠪᠠ᠃    ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠪᠣᠳᠠᠲᠠᠢ ᠲᠠᠢ ᠪᠠᠨ ᠤᠶᠠᠯᠳᠤᠭᠤᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠭᠤᠣᠯᠳᠠᠯᠭ᠎ᠠ ᠲᠠᠢ ᠡᠭᠦᠷᠭᠡ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠷᠠᠭᠤᠯᠪᠠ᠃ ᠲᠤᠰ ᠲᠣᠪᠴᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠢᠱᠢᠶ᠎ᠡ ᠦᠵᠡᠭᠦᠯᠭᠦ ᠰᠤᠷᠤᠯᠴᠠᠯᠭ᠎ᠠ᠂ ᠨᠠᠮ ᠤᠨ ᠡᠭᠦᠷ ᠤᠨ ᠲᠠᠭᠠᠨ ᠰᠤᠷᠤᠯᠴᠠᠬᠤ ᠰᠤᠷᠤᠯᠴᠠᠯᠭ᠎ᠠ᠂ ᠪᠣᠯᠪᠠᠰᠤᠷᠠᠯ ᠢ ᠠᠭᠤᠰᠤᠯᠴᠠᠭᠤᠯᠬᠤ ᠰᠤᠷᠤᠯᠴᠠᠯᠭ᠎ᠠ᠂ ᠲᠤᠬᠠᠢ ᠶᠢᠨ ᠭᠠᠵᠠᠷ ᠲᠤᠨᠢ ᠰᠡᠷᠡᠮᠵᠢᠯᠡᠭᠦᠯᠭᠦ ᠰᠤᠷᠤᠯᠴᠠᠯᠭ᠎ᠠ ᠪᠣᠯᠣᠨ ᠨᠠᠮ ᠤᠨ ᠭᠡᠰᠢᠭᠦᠨ ᠤ ᠥᠪᠡᠷ ᠤᠨ ᠰᠤᠷᠤᠯᠴᠠᠯᠭ᠎ᠠ ᠭᠡᠬᠦ ︽ᠲᠠᠪᠤᠨ ᠰᠤᠷᠤᠯᠴᠠᠯᠭ᠎ᠠ︾ ᠬᠤᠯᠪᠤᠭᠠᠯᠠᠨ ᠬᠥᠳᠡᠯᠦᠯᠴᠡᠬᠦ ᠭᠡᠯᠪᠡᠷᠢ ᠶᠢ ᠠᠪᠴᠤ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ︽ᠳᠦᠷᠢᠮ︾ ᠢ ᠲᠡᠷᠡ ᠬᠡᠪ ᠢᠶᠠᠷ ᠨᠢ ᠪᠦᠯᠦᠭ ᠵᠤᠷᠪᠤᠰ ᠳᠠᠷᠠᠭᠠᠯᠠᠨ ᠰᠤᠷᠤᠯᠴᠠᠭᠤᠯᠵᠤ᠂ ᠡᠯ᠎ᠡ ᠲᠦᠷᠦᠯ ᠤᠨ ᠰᠤᠷᠤᠯᠴᠠᠯᠭ᠎ᠠ ᠶᠢᠨ ᠠᠵᠢᠯᠯᠠᠭ᠎ᠠ ᠶᠢ 280 ᠭᠠᠷᠤᠢ ᠤᠳᠠᠭ᠎ᠠ ᠲᠤᠰᠬᠠᠢ ᠰᠡᠳᠦᠪ ᠬᠤᠪᠢᠶᠠᠨ ᠥᠷᠨᠢᠭᠦᠯᠵᠦ᠂ ᠡᠯ᠎ᠡ ᠲᠦᠷᠦᠯ ᠤᠨ ᠰᠤᠷᠤᠯᠴᠠᠯᠭ᠎ᠠ ᠶᠢᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠪᠠ᠃ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠲᠤᠰᠬᠠᠢ ᠮᠡᠷᠭᠡᠵᠢᠯᠲᠡᠨ ᠤ ᠲᠠᠶᠢᠯᠤᠮᠵᠢ᠂ ᠭᠤᠣᠯ ᠰᠡᠳᠦᠪᠲᠦ ᠨᠠᠮ ᠤᠨ ᠡᠳᠦᠷ᠂ ᠰᠡᠷᠡᠮᠵᠢᠯᠡᠭᠦᠯᠭᠦ ᠬᠥᠮᠦᠵᠢᠯ ᠵᠡᠷᠭᠡ ᠭᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ︽ᠳᠦᠷᠢᠮ︾ ᠤᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠵᠦ᠂ ᠢᠮᠠᠭᠲᠠ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠰᠠᠶᠢᠨ ᠰᠤᠷᠲᠠᠯ᠂ ᠦᠨᠡᠨ ᠪᠣᠳᠠᠲᠠᠢ ᠡᠷᠴᠢ ᠵᠣᠷᠢᠭ ᠢᠶᠠᠷ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠨ ᠪᠠᠲᠤᠯᠠᠭ᠎ᠠ ᠬᠠᠩᠭᠠᠵᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号