ᠪᠦᠭᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/5/31
    5 ᠰᠠᠷ᠎ᠠ ᠶᠢᠨ 29 ᠤ ᠡᠳᠦᠷ᠂ ᠪᠦᠭᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠭᠦᠭᠡᠬᠤᠲᠠ ᠳᠤ ᠬᠤᠷᠠᠯᠳᠤᠪᠠ᠃
   
   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠢ ᠡᠷᠭᠢᠯᠡᠪᠡ᠃
   
   ᠰᠦᠨ ᠱᠤᠤ ᠴᠧᠩ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠳᠤ ᠶᠡᠷᠦᠩᠬᠡᠢ ᠵᠢᠷᠤᠮᠯᠠᠯ᠂ ᠶᠡᠷᠦᠩᠬᠡᠢ ᠦᠨᠳᠦᠰᠦᠯᠡᠯ᠂ ᠶᠡᠷᠦᠩᠬᠡᠢ ᠵᠢᠯᠣᠭᠤᠳᠤᠯᠭ᠎ᠠ ᠬᠠᠩᠭᠠᠪᠠ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠨᠠᠮ ᠤᠨ ᠰᠤᠷᠭᠠᠭᠤᠯᠢ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠮ ᠤᠨ ᠰᠤᠷᠭᠠᠭᠤᠯᠢ ᠠᠴᠠ ᠮᠠᠨ ᠤ ᠣᠷᠣᠨ ᠤ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠤᠨ ᠪᠠᠶᠢᠭᠤᠯᠤᠯᠲᠠ᠂ ᠪᠠᠭᠰᠢ ᠶᠢᠨ ᠲᠣᠬᠢᠷᠠᠭᠤᠯᠤᠯᠲᠠ᠂ ᠪᠠᠭᠰᠢ ᠶᠢᠨ ᠪᠣᠯᠪᠠᠰᠤᠷᠠᠯ ᠤᠨ ᠠᠵᠢᠯ ᠢ ᠲᠡᠮᠵᠢᠵᠦ ᠪᠠᠶᠢᠭ᠎ᠠ ᠠᠵᠠ ᠲᠣᠭᠢᠶᠠᠯ ᠢ ᠠᠮᠵᠢᠵᠤ᠂ ᠦᠨᠳᠦᠰᠦᠨ ᠪᠣᠯᠪᠠᠰᠤᠷᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠮᠠᠨ ᠤ ᠣᠷᠣᠨ ᠤ ᠨᠠᠮ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠰᠤᠷᠭᠠᠭᠤᠯᠢ ᠡᠷᠭᠢᠯᠡᠭᠦ ᠲᠦᠪᠰᠢᠨ ᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠬᠤ ᠶᠢ ᠪᠦᠭᠦ ᠬᠦᠴᠦ ᠪᠠᠷ ᠢᠶᠠᠨ ᠠᠬᠢᠭᠤᠯᠬᠤ ᠬᠡᠷᠡᠭᠲᠡᠢ ᠭᠡᠵᠡᠢ᠃    ᠰᠦᠨ ᠱᠤᠤ ᠴᠧᠩ᠂ ᠤᠳᠤ ᠶᠢᠨ ᠨᠥᠬᠦᠴᠡᠯ ᠳᠣᠣᠷ᠎ᠠ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ᠂ ᠠᠵᠢᠯ ᠢᠶᠠᠨ ᠪᠦᠭᠦ ᠲᠠᠯ᠎ᠠ ᠪᠠᠷ ᠳᠡᠯᠭᠡᠭᠡᠳ ︽ᠪᠠᠭ᠎ᠠ ᠮᠥᠷᠲᠡᠭᠡᠨ ᠪᠦᠷᠢᠨ︾ ᠪᠦᠬᠦᠢ ᠳᠣᠣᠷ᠎ᠠ ᠲᠦᠪᠰᠢᠨ ᠳᠤ ᠪᠠᠶᠢᠯᠭᠠᠵᠤ ᠪᠤᠯᠬᠤ ᠦᠭᠡᠢ᠂ ᠡᠷᠬᠡᠪᠰᠢ ᠰᠤᠷᠭᠠᠭᠤᠯᠢ ᠡᠷᠭᠢᠯᠡᠭᠦ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠰᠤᠷᠭᠠᠭᠤᠯᠢ ᠡᠷᠭᠢᠯᠡᠭᠦ ᠵᠠᠭᠪᠤᠷ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠪᠠᠶᠢᠷᠢᠰᠢᠭᠤᠯᠤᠯᠲᠠ᠂ ᠬᠥᠮᠥᠨ ᠤ ᠬᠦᠴᠦᠨ᠂ ᠲᠠᠯᠠᠪᠤᠷ ᠵᠡᠷᠭᠡ ᠳᠠᠬᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠬᠦ ᠶᠢ ᠴᠢᠩᠭᠠᠳᠬᠠᠬᠤ ᠪᠠᠷ ᠳᠠᠮᠵᠢᠨ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠴᠢᠳᠠᠪᠤᠷᠢ ᠶᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ᠲᠤᠰᠬᠠᠢ ᠲᠤᠰᠢᠶᠠᠯᠲᠤ ᠪᠠᠭᠰᠢ ᠶᠢᠨ ᠡᠩᠨᠡᠭᠡ ᠶᠢ ᠱᠠᠯᠠᠪᠳᠠᠨ ᠲᠡᠭᠦᠯᠳᠡᠷᠵᠢᠭᠦᠯᠵᠦ᠂ ︽ᠬᠤᠣᠰ ᠪᠠᠭᠰᠢ ᠶᠢᠨ ᠰᠢᠰᠲ᠋ᠧᠮ︾ ᠢ ᠲᠦᠷᠭᠡᠪᠴᠢᠯᠡᠨ ᠪᠠᠶᠢᠭᠤᠯᠵᠤ᠂ ᠪᠠᠭᠰᠢ ᠶᠢᠨ ᠬᠠᠷᠠᠭᠠᠯᠵᠠᠯ ᠢ ᠳᠡᠭᠡᠭᠰᠢᠯᠡᠭᠦᠯᠦᠨ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠪᠠᠭᠰᠢ ᠶᠢᠨ ᠬᠦᠴᠦᠨ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠪᠠ ᠨᠠᠮ ᠤᠨ ᠭᠡᠰᠢᠭᠦᠨ ᠺᠠᠳ᠋ᠷᠴᠤᠳ ᠤᠨ ᠬᠡᠷᠡᠭᠴᠡᠭᠡ ᠶᠢ ᠴᠢᠩᠭ᠎ᠠ ᠡᠵᠡᠮᠳᠡᠵᠦ ᠦᠨᠳᠦᠰᠦᠨ ᠪᠣᠯᠪᠠᠰᠤᠷᠠᠯ ᠤᠨ ᠲᠥᠰᠥᠯ ᠢ ᠱᠠᠲᠤ ᠳᠠᠷᠠᠭᠠᠯᠠᠨ ᠨᠠᠷᠢᠯᠢᠭᠵᠢᠭᠤᠯᠵᠤ᠂ ᠬᠢᠴᠢᠶᠡᠯ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠶᠢ ᠰᠠᠶᠢᠵᠢᠷᠠᠭᠤᠯᠤᠨ᠂ ᠨᠡᠭᠡᠭᠡᠯᠲᠡ ᠲᠠᠢ ᠪᠠᠷ ᠰᠤᠷᠭᠠᠭᠤᠯᠢ ᠡᠷᠭᠢᠯᠡᠭᠦ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠪᠣᠯᠪᠠᠰᠤᠷᠠᠯ ᠤᠨ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠵᠡᠷᠭᠡ ᠶᠢᠨ ᠲᠣᠭᠤᠷᠢᠨ ᠳᠤ᠂ ᠤᠨᠤᠯ ᠤᠨ ᠰᠤᠳᠤᠯᠭᠠᠨ ᠪᠠ ᠠᠷᠭᠠᠴᠠᠭᠠᠬᠤ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠨᠠᠮ ᠤᠨ ᠬᠤᠷᠢᠶ᠎ᠠ ᠳᠤ ᠢᠳᠡᠪᠬᠢᠲᠡᠢ ᠪᠠᠷ ᠠᠷᠭ᠎ᠠ ᠤᠬᠠᠭᠠᠨ ᠳᠡᠪᠰᠢᠭᠦᠯᠦᠨ᠂ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠤᠬᠠᠭᠠᠨ ᠥᠭᠬᠦ ᠬᠡᠷᠡᠭᠲᠡᠢ᠃ ᠨᠠᠮ ᠤᠨ ᠰᠤᠷᠭᠠᠭᠤᠯᠢ ᠪᠣᠯ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠬᠦ ᠭᠠᠵᠠᠷ ᠮᠥᠨ᠂ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠡᠷᠬᠡᠪᠰᠢ ᠨᠡᠩ ᠥᠨᠳᠥᠷ ᠱᠠᠭᠠᠷᠳᠠᠯᠭ᠎ᠠ ᠲᠠᠢ ᠪᠠᠶᠢᠵᠤ᠂ ᠨᠠᠮ ᠤᠨ ᠰᠤᠷᠭᠠᠭᠤᠯᠢ ᠶᠢ ᠴᠢᠩᠭ᠎ᠠ ᠬᠠᠮᠢᠶᠠᠷᠴᠤ᠂ ᠰᠤᠷᠤᠬᠴᠢᠳ ᠪᠠ ᠪᠠᠭᠰᠢ ᠨᠠᠷ ᠯᠠᠪᠳᠠᠭᠤᠨ ᠳᠠᠷᠤᠤ ᠪᠠᠶᠢᠵᠤ᠂ ᠪᠣᠳᠠᠲᠠᠢ ᠶᠢ ᠡᠷᠬᠢᠮᠯᠡᠨ᠂ ᠬᠢᠴᠢᠶᠡᠯ ᠪᠦᠷᠢ ᠶᠢ ᠴᠥᠮ ᠦᠢᠯᠡᠳᠦᠯ ᠲᠠᠢ ᠪᠤᠯᠭᠠᠵᠤ᠂ ᠠᠩᠭᠢ ᠪᠦᠷᠢ ᠶᠢ ᠴᠥᠮ ᠪᠣᠳᠠᠲᠤ ᠦᠷ᠎ᠡ ᠪᠦᠲᠦᠮᠵᠢ ᠲᠠᠢ ᠪᠤᠯᠭᠠᠵᠤ᠂ ᠰᠡᠳᠦᠪ ᠪᠦᠷᠢ ᠶᠢ ᠴᠥᠮ ᠦᠷ᠎ᠡ ᠪᠦᠲᠦᠮᠵᠢ ᠲᠠᠢ ᠪᠤᠯᠭᠠᠵᠤ᠂ ᠰᠤᠷᠤᠬᠴᠢ ᠪᠦᠷᠢ ᠶᠢ ᠴᠥᠮ ᠣᠯᠣᠯᠲᠠ ᠲᠠᠢ ᠪᠤᠯᠭᠠᠵᠤ᠂ ᠪᠣᠷᠣᠭᠵᠢᠭᠤᠨ ᠪᠥᠭᠡᠳ ᠠᠷᠢᠭᠤᠨ ᠴᠢᠬᠡᠴᠢ ᠰᠤᠷᠭᠠᠭᠤᠯᠢ ᠶᠢᠨ ᠰᠢᠯᠢᠳᠡᠭ ᠰᠤᠷᠲᠠᠯ ᠢ ᠪᠤᠶᠢᠵᠢᠭᠤᠯᠤᠨ ᠪᠠᠳᠠᠷᠠᠭᠤᠯᠬᠤ ᠬᠡᠷᠡᠭᠲᠡᠢ ᠭᠡᠵᠡᠢ᠃    ᠰᠦᠨ ᠱᠤᠤ ᠴᠧᠩ᠂ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠰᠤᠷᠭᠠᠭᠤᠯᠢ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠲᠤ ᠰᠢᠯᠢᠳᠡᠭ ᠢ ᠰᠣᠩᠭᠤᠨ ᠲᠣᠬᠢᠷᠠᠭᠤᠯᠵᠤ᠂ ᠨᠠᠮ ᠤᠨ ᠰᠤᠷᠭᠠᠭᠤᠯᠢ ᠶᠢ ᠬᠠᠪᠰᠤᠷᠤᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ ᠪᠠᠭᠰᠢ ᠶᠢᠨ ᠡᠩᠨᠡᠭᠡᠨ ᠤ ᠬᠥᠮᠦᠵᠢᠯ᠂ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ ᠪᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠬᠠᠮᠲᠤᠷᠠᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠬᠢᠨ ᠨᠠᠮ ᠤᠨ ᠰᠤᠷᠭᠠᠭᠤᠯᠢ ᠨᠠᠮ ᠤᠨ ᠬᠢ ᠪᠠᠶᠢᠬᠤ ᠦᠨᠳᠦᠰᠦᠨ ᠵᠠᠷᠴᠢᠮ ᠢ ᠢᠮᠠᠭᠲᠠ ᠪᠦᠭᠦ ᠲᠠᠯ᠎ᠠ ᠪᠠᠷ ᠲᠤᠭᠤᠰᠢᠯᠠᠭᠤᠯᠵᠤ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠤ ᠡᠩᠨᠡᠭᠡ᠂ ᠬᠠᠮᠢᠶᠠᠷᠤᠯᠲᠠ ᠦᠢᠯᠡᠴᠢᠯᠡᠭᠡ ᠵᠡᠷᠭᠡ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ ᠤᠨ ᠰᠤᠷᠭᠠᠭᠤᠯᠢ ᠶᠢᠨ ᠠᠵᠢᠯ ᠤᠨ ᠰᠢᠨᠵᠢᠯᠡᠬᠦ ᠤᠬᠠᠭᠠᠨᠴᠢ᠂ ᠳᠦᠷᠢᠮᠵᠢᠯᠲᠡ᠂ ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠵᠢᠭᠰᠠᠭᠠᠯ ᠤᠨ ᠭᠠᠵᠠᠷ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃    ᠬᠤᠷᠠᠯ ᠠᠴᠠ ᠪᠦᠭᠦ ᠣᠷᠣᠨ ᠤ ᠨᠠᠮ ᠤᠨ ᠰᠤᠷᠭᠠᠭᠤᠯᠢ ᠶᠢᠨ ᠪᠣᠳᠠᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠷᠠᠯ ᠳᠤ ᠣᠷᠣᠯᠴᠠᠬᠰᠠᠨ ᠨᠢᠭᠡᠴᠢ ᠶᠢᠨ ︽ᠪᠦᠭᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠰᠲ᠋ᠧᠮ ᠤᠨ ᠰᠢᠨ᠎ᠡ ᠶᠢ ᠡᠭᠦᠳᠦᠨ ᠳᠡᠭᠡᠭᠰᠢᠯᠡᠭᠦᠯᠭᠦ ᠠᠵᠢᠯᠯᠠᠭ᠎ᠠ ᠶᠢᠨ ᠲᠥᠰᠥᠯ ︵2024 — 2026 ᠣᠨ︶︾ ᠤᠨ ᠲᠤᠬᠠᠢ ᠰᠠᠨᠠᠯ ᠰᠠᠨᠠᠭᠤᠯᠭ᠎ᠠ ᠶᠢ ᠪᠢᠴᠢᠭ ᠤᠨ ᠭᠡᠯᠪᠡᠷᠢ ᠪᠠᠷ ᠬᠤᠷᠢᠶᠠᠪᠠ᠃    ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠣᠯᠣᠨ ᠮᠠᠨᠵᠤᠤᠷ ᠬᠤᠳᠠ᠂ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号