ᠰᠦᠨ ᠱᠤᠤ ᠴᠧᠩ ᠳᠥᠷᠪᠡᠳ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/13
    6 ᠰᠠᠷ᠎ᠠ ᠶᠢᠨ 11 ᠤ ᠡᠳᠦᠷ ᠠᠴᠠ 12 ᠤᠨ ᠡᠳᠦᠷ ᠪᠤᠯᠲᠠᠯ᠎ᠠ᠂ ᠰᠦᠨ ᠱᠤᠤ ᠴᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠷᠢᠯᠴᠠᠬᠤ ᠴᠡᠭ ᠪᠤᠯᠬᠤ ᠳᠥᠷᠪᠡᠳ ᠬᠤᠰᠢᠭᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠠᠯᠴᠢᠨ ᠲᠠᠷᠢᠶᠠᠴᠢᠨ ᠳᠤ ᠨᠥᠬᠦᠪᠦᠷᠢ ᠪᠠᠭᠤᠯᠭᠠᠵᠤ ᠪᠠᠶᠢᠬᠤ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃
 
  6 ᠰᠠᠷ᠎ᠠ ᠶᠢᠨ 11 ᠤ ᠡᠳᠦᠷ᠂ ᠰᠦᠨ ᠱᠤᠤ ᠴᠧᠩ ᠬᠤᠩᠭᠤᠷ ᠰᠤᠮᠤ ᠶᠢᠨ ᠥᠪᠥᠷ ᠤᠰᠤ ᠭᠠᠴᠠᠭ᠎ᠠ ᠳᠤ ᠬᠦᠷᠴᠦ᠂ ᠲᠤᠬᠠᠢ ᠶᠢᠨ ᠭᠠᠵᠠᠷ ᠤᠨ ᠺᠠᠳ᠋ᠷ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠮᠠᠯᠴᠢᠨ ᠲᠠᠷᠢᠶᠠᠴᠢᠨ ᠳᠤ ᠨᠥᠬᠦᠪᠦᠷᠢ ᠪᠠᠭᠤᠯᠭᠠᠵᠤ ᠪᠠᠶᠢᠬᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃    ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ    ᠰᠦᠨ ᠱᠤᠤ ᠴᠧᠩ ᠲᠥᠮᠥᠰᠥ ᠲᠠᠷᠢᠬᠤ ᠣᠷᠣᠨ ᠪᠠ ᠮᠢᠬᠠᠨ ᠤ ᠬᠤᠨᠢ ᠦᠷᠡᠵᠢᠭᠦᠯᠦᠨ ᠪᠤᠶᠢᠵᠢᠭᠤᠯᠬᠤ ᠲᠣᠭᠤᠷᠢᠭ ᠲᠤ ᠭᠦᠨᠵᠡᠭᠡᠶᠢᠷᠡᠵᠦ᠂ ᠲᠥᠮᠥᠰᠥ ᠶᠢᠨ ᠤᠷᠭᠤᠴᠠ ᠪᠠ ᠮᠢᠬᠠᠨ ᠤ ᠬᠤᠨᠢ ᠶᠢ ᠬᠠᠰᠢᠶᠠᠯᠠᠨ ᠲᠡᠵᠢᠭᠡᠵᠦ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠷᠢᠶᠠᠴᠢᠨ ᠡᠷᠦᠭᠡ ᠪᠠ ᠲᠡᠵᠢᠭᠡᠨ ᠦᠷᠡᠵᠢᠭᠦᠯᠬᠦ ᠡᠷᠦᠭᠡ ᠶᠢᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠳᠡᠳᠡᠨ ᠲᠠᠢ ᠬᠠᠮᠲᠤ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠪᠤᠳᠤᠵᠠᠢ᠃ ᠲᠡᠷᠡ᠂ ᠭᠠᠵᠠᠷ ᠰᠢᠷᠣᠢ ᠶᠢ ᠡᠵᠡᠩᠨᠡᠬᠦ ᠠᠵᠢᠯ ᠢ ᠰᠠᠶᠢᠲᠤᠷ ᠬᠢᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠵᠡᠷᠭᠡ ᠤᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠶᠡᠭᠡ ᠲᠠᠪᠴᠠᠩ ᠢ ᠰᠠᠶᠢᠲᠤᠷ ᠠᠰᠢᠭᠯᠠᠵᠤ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃    ᠰᠦᠨ ᠱᠤᠤ ᠴᠧᠩ ᠮᠠᠯᠵᠢᠬᠤ ᠲᠠᠷᠢᠶᠠᠯᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠪᠠᠭᠤᠯᠭᠠᠵᠤ ᠪᠠᠶᠢᠬᠤ ᠪᠠᠶᠢᠳᠠᠯ ᠪᠣᠯᠣᠨ ᠬᠡᠷᠡᠭᠯᠡᠭᠰᠡᠨ ᠦᠷ᠎ᠡ ᠪᠦᠲᠦᠮᠵᠢ ᠶᠢ ᠮᠠᠰᠢ ᠠᠩᠬᠠᠷᠴᠤ᠂ ᠭᠦᠷᠦᠭᠰᠡᠨ ᠭᠠᠵᠠᠷ ᠪᠣᠯᠭᠠᠨ ᠳᠤ ᠲᠤᠬᠠᠢ ᠶᠢᠨ ᠭᠠᠵᠠᠷ ᠤᠨ ᠺᠠᠳ᠋ᠷ ᠪᠣᠯᠣᠨ ᠮᠠᠯᠴᠢᠨ ᠲᠠᠷᠢᠶᠠᠴᠢᠨ ᠤ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠵᠢᠯ ᠪᠦᠷᠢ ᠬᠡᠳᠦᠢ ᠨᠥᠬᠦᠪᠦᠷᠢ ᠪᠠᠭᠤᠯᠭᠠᠵᠤ ᠪᠠᠶᠢᠬᠤ᠂ ᠶᠠᠮᠠᠷ ᠲᠥᠷᠥᠯ ᠵᠦᠢᠯ᠂ ᠬᠡᠵᠢᠶ᠎ᠡ ᠪᠠᠭᠤᠯᠭᠠᠬᠤ᠂ ᠠᠯᠢ ᠪᠠᠩᠬᠢ ᠪᠠᠷ ᠳᠠᠮᠵᠢᠨ ᠪᠠᠭᠤᠯᠭᠠᠬᠤ᠂ ᠬᠡᠷᠬᠢᠨ ᠰᠠᠨᠠᠭᠤᠯᠵᠤ ᠮᠡᠳᠡᠭᠳᠡᠬᠦ ᠵᠡᠷᠭᠡ ᠭᠤᠭᠴᠤᠭ᠎ᠠ ᠪᠦᠷᠢ ᠶᠢ ᠲᠡᠷᠡ ᠪᠦᠷ ᠮᠠᠰᠢ ᠨᠠᠷᠢᠯᠢᠭ ᠠᠰᠠᠭᠤᠪᠠ᠃ 12 ᠤᠨ ᠦᠳᠡ ᠶᠢᠨ ᠡᠮᠦᠨ᠎ᠡ᠂ ᠰᠦᠨ ᠱᠤᠤ ᠴᠧᠩ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠠᠭᠠᠨᠴᠠᠪ ᠬᠤᠳᠠ ᠵᠢᠴᠢ ᠳᠥᠷᠪᠡᠳ ᠬᠤᠰᠢᠭᠤᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠣᠨ ᠬᠢᠩᠭᠠᠨ ᠠᠶᠢᠮᠠᠭ ᠤᠨ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠲᠦᠷᠦ ᠶᠢᠨ ᠪᠣᠳᠣᠯᠭ᠎ᠠ ᠶᠣᠰᠣᠭᠠᠷ ᠮᠠᠯᠴᠢᠨ ᠲᠠᠷᠢᠶᠠᠴᠢᠨ ᠳᠤ ᠨᠥᠬᠦᠪᠦᠷᠢ ᠥᠭᠬᠦ ᠪᠣᠯ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠶᠡᠭᠡ ᠶᠠᠪᠤᠳᠠᠯ ᠮᠥᠨ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠥᠬᠦᠪᠦᠷᠢ ᠶᠢᠨ ᠪᠡᠯᠡ ᠮᠥᠩᠭᠦ ᠪᠠᠭᠤᠯᠭᠠᠬᠤ ᠠᠵᠢᠯ ᠢ ᠰᠢᠯᠢᠳᠡᠭᠵᠢᠭᠦᠯᠬᠦ ᠶᠢ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠭᠠᠨ ᠠᠳᠬᠤᠵᠤ᠂ ᠪᠠᠭᠤᠯᠭᠠᠬᠤ ᠶᠢ ᠵᠣᠬᠢᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠬᠦ᠂ ᠲᠦᠷᠦ ᠶᠢᠨ ᠪᠣᠳᠣᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠬᠦ ᠪᠠᠷ ᠳᠠᠮᠵᠢᠨ ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠤᠯᠠᠨ ᠲᠦᠮᠡᠨ ᠳᠤ ᠨᠠᠮ ᠤᠨ ᠬᠠᠯᠠᠮᠵᠢᠯᠠᠯ ᠪᠠ ᠬᠠᠶᠢᠷ᠎ᠠ ᠶᠢ ᠨᠡᠩ ᠭᠦᠨᠵᠡᠭᠡᠢ ᠮᠡᠳᠡᠷᠡᠭᠦᠯᠬᠦ ᠬᠡᠷᠡᠭᠲᠡᠢ᠃ ᠨᠥᠬᠦᠪᠦᠷᠢ ᠶᠢᠨ ᠲᠥᠷᠥᠯ ᠵᠦᠢᠯ ᠢ ᠵᠢᠷᠤᠮᠵᠢᠭᠤᠯᠤᠨ ᠨᠡᠶᠢᠳᠬᠡᠵᠦ᠂ ᠨᠡᠶᠢᠯᠡᠭᠦᠯᠵᠦ ᠪᠤᠯᠬᠤ ᠶᠢ ᠨᠢ ᠨᠡᠶᠢᠯᠡᠭᠦᠯᠵᠦ᠂ ᠴᠣᠮᠬᠠᠳᠬᠠᠵᠤ ᠪᠤᠯᠬᠤ ᠶᠢ ᠨᠢ ᠴᠣᠮᠬᠠᠳᠬᠠᠬᠤ ᠬᠡᠷᠡᠭᠲᠡᠢ᠃ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠠᠵᠢᠯ ᠶᠠᠪᠤᠳᠠᠯ ᠬᠢᠵᠦ᠂ ᠢᠯᠡ ᠲᠣᠳᠣ ᠲᠥᠪ ᠭᠤᠣᠯᠴᠢ ᠪᠠᠶᠢᠬᠤ ᠶᠢ ᠪᠠᠲᠤᠯᠠᠬᠤ ᠬᠡᠷᠡᠭᠲᠡᠢ᠃ ᠪᠣᠳᠠᠲᠠᠢ ᠶᠢ ᠡᠷᠬᠢᠮᠯᠡᠭᠰᠡᠨ ᠲᠤᠰᠠᠲᠠᠢ ᠪᠠᠶᠢᠬᠤ ᠵᠠᠷᠴᠢᠮ ᠶᠣᠰᠣᠭᠠᠷ ᠨᠥᠬᠦᠪᠦᠷᠢ ᠪᠠᠭᠤᠯᠭᠠᠬᠤ ᠴᠠᠭ ᠬᠤᠭᠤᠴᠠᠭ᠎ᠠ ᠪᠣᠯᠣᠨ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠣᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ᠂ ᠬᠠᠮᠤᠭ ᠤᠨ ᠬᠡᠷᠡᠭᠴᠡᠭᠡ ᠲᠠᠢ ᠴᠠᠭ ᠲᠤ ᠪᠠᠭᠤᠯᠭᠠᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠠᠷᠭ᠎ᠠ ᠮᠠᠶ᠋ᠢᠭ ᠪᠠ ᠠᠭᠤᠯᠭ᠎ᠠ ᠶᠢ ᠰᠢᠯᠢᠳᠡᠭᠵᠢᠭᠦᠯᠵᠦ᠂ ᠤᠯᠠᠨ ᠲᠦᠮᠡᠨ ᠳᠤ ᠨᠥᠬᠦᠪᠦᠷᠢ ᠶᠢᠨ ᠪᠡᠯᠡ ᠮᠥᠩᠭᠦ ᠪᠠᠭᠤᠯᠭᠠᠬᠤ ᠠᠩᠬᠠᠨ ᠤ ᠵᠣᠷᠢᠯᠲᠠ ᠪᠠ ᠦᠨᠳᠦᠰᠦᠯᠡᠯ ᠢ ᠲᠣᠳᠣᠷᠬᠠᠢ ᠶᠠᠷᠢᠵᠤ ᠥᠭᠴᠦ᠂ ᠨᠥᠬᠦᠪᠦᠷᠢ ᠪᠦᠷᠢ ᠶᠢᠨ ᠠᠷᠤ ᠳᠠᠬᠢ ᠬᠠᠷᠠᠭᠠᠯᠵᠠᠭᠰᠠᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠢ ᠶᠠᠷᠢᠵᠤ ᠥᠭᠴᠦ᠂ ᠤᠯᠠᠨ ᠲᠦᠮᠡᠨ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠶᠢ ᠬᠥᠲᠥᠯᠥᠨ ᠵᠢᠯᠤᠭᠤᠳᠴᠤ᠂ ᠨᠡᠩ ᠭᠦᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠪᠤᠯᠭᠠᠬᠤ ᠬᠡᠷᠡᠭᠲᠡᠢ ᠭᠡᠵᠡᠢ᠃    ᠰᠦᠨ ᠱᠤᠤ ᠴᠧᠩ ᠪᠠᠰᠠ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠯᠴᠠᠬᠤ ᠴᠡᠭ ᠪᠤᠯᠬᠤ ᠭᠢᠷᠰᠠᠳᠠᠢ ᠪᠠᠯᠭᠠᠰᠤᠨ ᠤ ᠬᠠᠢ ᠪᠦ᠋ ᠽᠢ ᠲᠣᠰᠬᠤᠨ ᠳᠤ ᠬᠦᠷᠴᠦ᠂ ᠶᠠᠪᠠᠭᠠᠨ ᠢᠶᠠᠷ ᠲᠣᠰᠬᠤᠨ ᠤ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠲᠠᠰᠢᠷᠠᠮ ᠢᠶᠠᠷ ᠲᠠᠷᠢᠶᠠᠴᠢᠨ ᠡᠷᠦᠭᠡ ᠳᠤ ᠣᠷᠣᠵᠤ ᠠᠷᠠᠳ ᠤᠨ ᠪᠠᠶᠢᠳᠠᠯ ᠢ ᠣᠶᠢᠯᠠᠭᠠᠪᠠ᠃ ᠲᠡᠷᠡ᠂ ᠤᠯᠠᠨ ᠲᠦᠮᠡᠨ ᠤ ᠠᠵᠢᠯ ᠢ ᠬᠢᠵᠦ᠂ ᠤᠯᠠᠨ ᠲᠦᠮᠡᠨ ᠳᠤ ᠦᠢᠯᠡᠴᠢᠯᠡᠬᠦ ᠳᠤ᠂ ᠤᠯᠠᠨ ᠲᠦᠮᠡᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢᠶᠠᠷ ᠶᠠᠭᠤ ᠬᠢᠯᠭᠡᠬᠦ ᠶᠢ ᠬᠠᠮᠤᠭ ᠠᠴᠠ ᠢᠯᠡᠭᠦᠦ ᠬᠦᠰᠡᠵᠦ ᠪᠠᠶᠢᠬᠤ ᠶᠢ ᠵᠠᠪᠠᠯ ᠲᠣᠳᠣᠷᠬᠠᠢ ᠣᠶᠢᠯᠠᠭᠠᠵᠤ᠂ ᠤᠯᠠᠨ ᠲᠦᠮᠡᠨ ᠤ ᠪᠣᠳᠠᠲᠠᠢ ᠠᠩᠬᠠᠷᠴᠤ ᠪᠠᠶᠢᠭ᠎ᠠ ᠠᠰᠠᠭᠤᠳᠠᠯ ᠳᠤ ᠬᠠᠨᠳᠤᠭᠤᠯᠤᠨ᠂ ᠦᠨᠡᠨ ᠪᠣᠳᠠᠲᠠᠢ ᠪᠠᠷ ᠤᠯᠠᠨ ᠲᠦᠮᠡᠨ ᠤ ᠲᠥᠯᠥᠭᠡ ᠠᠵᠢᠯ ᠶᠠᠪᠤᠳᠠᠯ ᠬᠢᠵᠦ᠂ ᠣᠷᠣᠨ ᠪᠠᠶᠢᠷᠢ ᠠᠴᠠ ᠪᠠᠨ ᠰᠠᠯᠵᠤ ᠪᠤᠯᠬᠤ ᠦᠭᠡᠢ ᠮᠥᠷᠲᠡᠭᠡᠨ ᠪᠠᠰᠠ ᠣᠷᠣᠨ ᠪᠠᠶᠢᠷᠢ ᠠᠴᠠ ᠪᠠᠨ ᠳᠠᠪᠠᠵᠤ ᠪᠤᠯᠬᠤ ᠦᠭᠡᠢ᠂ ᠤᠯᠠᠨ ᠲᠦᠮᠡᠨ ᠢ ᠰᠡᠳᠬᠢᠯ ᠬᠠᠨᠤᠮᠵᠢᠲᠠᠢ ᠪᠤᠯᠭᠠᠬᠤ ᠮᠥᠷᠲᠡᠭᠡᠨ ᠪᠠᠰᠠ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠵᠦ ᠪᠤᠯᠬᠤ ᠦᠭᠡᠢ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠰᠢᠷᠭᠠᠭᠤ ᠭᠦᠳᠡᠯᠮᠦᠷᠢ ᠳᠡᠭᠡᠨ ᠲᠦᠰᠢᠭᠯᠡᠨ ᠪᠠᠶᠠᠵᠢᠨ ᠴᠢᠨᠡᠭᠡᠯᠢᠭᠵᠢᠬᠦ ᠶᠢ ᠵᠣᠷᠢᠭᠵᠢᠭᠤᠯᠤᠨ ᠬᠠᠪᠰᠤᠷᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ᠂ ᠳᠡᠭᠡᠷ᠎ᠡ ᠱᠠᠲᠤᠨ ᠠᠴᠠ ᠬᠦᠴᠦᠯᠡᠬᠦ ᠪᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠠᠴᠠ ᠠᠷᠭ᠎ᠠ ᠪᠤᠳᠤᠬᠤ ᠶᠢ ᠴᠢᠬᠤᠯᠠᠴᠢᠯᠠᠵᠤ᠂ ᠴᠢᠬᠤᠯᠠ ᠦᠭᠡᠢ ᠭᠤᠭᠴᠤᠭ᠎ᠠ ᠶᠢ ᠬᠠᠰᠤᠵᠤ᠂ ᠦᠨᠳᠦᠰᠦᠨ ᠱᠠᠲᠤᠨ ᠤ ᠺᠠᠳ᠋ᠷᠴᠤᠳ ᠤᠨ ᠠᠵᠢᠯ ᠢ ᠨᠡᠩ ᠥᠨᠳᠥᠷ ᠪᠦᠲᠦᠮᠵᠢᠲᠡᠢ ᠪᠤᠯᠭᠠᠬᠤ ᠬᠡᠷᠡᠭᠲᠡᠢ ᠭᠡᠪᠡ᠃    ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号