ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/6/14
    6 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠠᠷᠭ᠎ᠠ ᠬᠡᠮᠵᠢᠶ᠎ᠡ ᠶᠢ ᠪᠣᠳᠠᠲᠠᠢ ᠶᠠᠪᠤᠳᠠᠯ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠳᠠᠭᠠᠭᠠᠯᠭᠠᠵᠤ᠂ ᠪᠠᠲᠤᠯᠠᠭ᠎ᠠ ᠶᠢ ᠭᠦᠢᠴᠡᠳ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠣᠯᠣᠨ ᠤᠯᠤᠰ ᠤᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠴᠢᠩᠭ᠎ᠠ ᠠᠴᠠ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠪᠡᠶᠡᠯᠡᠭᠦᠯᠦᠭᠰᠡᠨ ᠢ ᠨᠢ ︽ᠡᠷᠭᠢᠨ ᠬᠠᠷᠠᠵᠤ︾᠂ ᠪᠡᠶᠡᠯᠡᠭᠦᠯᠵᠦ ᠳᠡᠶᠢᠯᠦᠭᠡᠳᠦᠢ ᠨᠢ ᠲᠣᠭᠲᠠᠭᠰᠠᠨ ᠬᠤᠭᠤᠴᠠᠭᠠᠨ ᠳᠤ ᠲᠠᠩᠰᠠ ᠲᠤᠰᠢᠶᠠᠵᠤ᠂ ᠶᠠᠭᠠᠬᠢᠭᠰᠠᠨ ᠴᠤ ᠬᠠᠰᠢ ᠶᠠᠰᠢ ᠪᠠᠷ ᠥᠩᠭᠡᠷᠡᠭᠦᠯᠵᠦ ᠪᠤᠯᠬᠤ ᠦᠭᠡᠢ᠃ ᠨᠢᠭᠡ ᠠᠴᠠ ᠨᠥᠭᠦᠭᠡ ᠶᠢ ᠵᠦᠢᠴᠢᠯᠡᠨ ᠮᠡᠳᠡᠬᠦ ᠶᠢ ᠴᠢᠩᠭᠠᠳᠬᠠᠵᠤ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠶᠢ ᠪᠠᠶᠢᠩᠭᠤ ᠥᠷᠨᠢᠭᠦᠯᠵᠦ᠂ ᠠᠵᠢᠯ ᠬᠤᠪᠢᠶᠠᠨ ᠬᠠᠷᠢᠭᠤᠴᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ ᠂ ᠦᠨᠡᠨ ᠬᠦ ᠪᠣᠯᠪᠠᠰᠤᠷᠠᠵᠤ᠂ ᠦᠨᠡᠨ ᠬᠦ ᠪᠠᠴᠢᠮ ᠪᠠᠶᠢᠳᠠᠯ ᠢ ᠠᠷᠭᠠᠴᠠᠭᠠᠬᠤ ᠶᠢ ᠪᠡᠶᠡᠯᠡᠭᠦᠯᠬᠦ ᠬᠡᠷᠡᠭᠲᠡᠢ᠃ ᠭᠡᠮ ᠰᠣᠭᠤᠭ ᠢ ᠪᠠᠶᠢᠴᠠᠭᠠᠬᠤ ᠠᠵᠢᠯ ᠢ ᠭᠡᠳᠡᠷᠭᠦ ᠪᠠᠶᠢᠴᠠᠭᠠᠬᠤ ᠲᠤᠰᠬᠠᠢ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ᠂ ᠭᠡᠮ ᠰᠣᠭᠤᠭ ᠢ ᠢᠯᠡᠷᠡᠭᠦᠯᠵᠦ ᠳᠡᠶᠢᠯᠦᠭᠰᠡᠨ ᠦᠭᠡᠢ᠂ ᠭᠡᠮ ᠰᠣᠭᠤᠭ ᠢ ᠢᠯᠡᠷᠡᠭᠦᠯᠦᠭᠰᠡᠨ ᠪᠠᠶᠢᠲᠠᠯ᠎ᠠ ᠪᠠᠨ ᠮᠡᠳᠡᠭᠦᠯᠦᠭᠰᠡᠨ ᠦᠭᠡᠢ ᠵᠡᠷᠭᠡ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠦᠭᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠬᠢᠨᠠᠨ ᠪᠣᠳᠣᠯᠲᠠ ᠶᠢ ᠲᠤᠰᠬᠠᠢ ᠴᠡᠭᠴᠡᠯᠡᠨ ᠰᠠᠶᠢᠵᠢᠷᠠᠭᠤᠯᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ᠂ ᠤᠯᠤᠰ ᠲᠥᠷᠥ ᠶᠢ ᠡᠷᠭᠢᠮᠯᠡᠭᠦ ᠥᠨᠳᠥᠷᠴᠡ ᠠᠴᠠ ᠬᠠᠷᠢᠭᠤ ᠲᠤᠰᠬᠠᠭᠰᠠᠨ ᠰᠠᠨᠠᠯ ᠢ ᠴᠢᠩ ᠦᠨᠡᠨᠴᠢ ᠪᠠᠷ ᠭᠥᠯᠢᠶᠡᠨ ᠠᠪᠴᠤ᠂ ᠦᠵᠡᠯ ᠰᠠᠨᠠᠭᠠᠨ ᠤ ᠲᠠᠯ᠎ᠠ ᠠᠴᠠ ᠦᠨᠳᠦᠰᠦ ᠰᠤᠷᠪᠤᠯᠵᠢ ᠶᠢ ᠡᠷᠢᠵᠦ᠂ ᠠᠵᠢᠯ ᠤᠨ ᠲᠠᠯ᠎ᠠ ᠠᠴᠠ ᠵᠥᠷᠢᠶ᠎ᠡ ᠪᠠᠨ ᠡᠷᠢᠵᠦ᠂ ᠨᠠᠷᠢᠨ ᠬᠢᠨᠠᠮᠠᠭᠠᠢ ᠂ ᠨᠣᠮᠣᠬᠠᠨ ᠰᠢᠳᠤᠷᠭᠤ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠠᠩᠰᠠ ᠲᠤᠰᠢᠶᠠᠬᠤ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠳᠡᠶᠢᠯᠭᠦ ᠶᠢ ᠨᠢ ᠱᠠᠯᠠᠪᠳᠠᠨ ᠴᠡᠭᠴᠡᠯᠡᠨ ᠰᠠᠶᠢᠵᠢᠷᠠᠭᠤᠯᠵᠤ᠂ ᠦᠷᠭᠦᠯᠵᠢᠳᠡ ᠠᠬᠢᠭᠤᠯᠵᠤ ᠪᠠᠶᠢᠭ᠎ᠠ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠬᠡᠷᠡᠭᠲᠡᠢ᠃ ᠬᠢᠨᠠᠨ ᠪᠣᠳᠣᠯᠲᠠ ᠶᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠭᠢᠶᠠᠯ ᠪᠤᠯᠭᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ᠂ ᠦᠩᠭᠡᠨ ᠲᠠᠯ᠎ᠠ ᠶᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠠᠴᠠ ᠨᠢ ᠴᠤ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠡᠮᠨᠡᠬᠦ ᠰᠢᠰᠲ᠋ᠧᠮ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠲᠦᠮᠡᠨ ᠤ ︽ᠡᠪᠡᠳᠴᠢᠨ ᠦᠵᠡᠭᠦᠯᠭᠦ ᠳᠤ ᠬᠦᠴᠢᠷᠲᠡᠢ᠂ ᠡᠪᠡᠳᠴᠢᠨ ᠦᠵᠡᠭᠦᠯᠭᠦ ᠳᠤ ᠦᠨᠡᠲᠡᠢ︾ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号