ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠭᠦ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠬᠤᠷᠠᠯᠳᠤᠭᠤᠯᠪᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠵᠠᠢ ᠸᠠᠩ ᠯᠢ ᠰᠢᠶᠠ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/6/14
    6 ᠰᠠᠷ᠎ᠠ ᠶᠢᠨ 13 ᠤ ᠡᠳᠦᠷ᠂ ᠪᠦᠭᠦ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠭᠦᠭᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃
   
   6 ᠰᠠᠷ᠎ᠠ ᠶᠢᠨ 13 ᠤ ᠡᠳᠦᠷ᠂ ᠪᠦᠭᠦ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠦᠯ ᠬᠥᠮᠦᠵᠢᠯ ᠤᠨ ᠬᠤᠷᠠᠯ ᠭᠦᠭᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠮᠤᠵᠢ ᠶᠢᠨ ᠲᠠᠰ ᠤᠨ ᠠᠵᠢᠯ ᠠᠴᠠ ᠪᠠᠨ ᠠᠮᠠᠷᠠᠭᠰᠠᠨ ᠨᠢᠭᠡ ᠪᠦᠯᠦᠭ ᠠᠬᠠᠮᠠᠳ ᠨᠥᠬᠦᠳ ᠬᠤᠷᠠᠯ ᠳᠤ ᠣᠷᠣᠯᠴᠠᠵᠠᠢ᠃    ᠰᠦᠨ ᠱᠤᠤ ᠴᠧᠩ ᠡᠩ ᠲᠡᠷᠢᠭᠦᠨ ᠳᠤ ᠨᠠᠮ ᠤᠨ ᠲᠥᠪ ᠬᠤᠷᠢᠶ᠎ᠠ ᠶᠢᠨ ︽ᠬᠡᠷᠡᠭ ᠢᠶᠠᠷ ᠶᠣᠰᠣ ᠰᠤᠷᠲᠠᠬᠤᠨ ᠢ ᠶᠠᠷᠢᠬᠤ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ᠂ ᠬᠡᠷᠡᠭ ᠢᠶᠠᠷ ᠬᠠᠤᠯᠢ ᠶᠢ ᠶᠠᠷᠢᠬᠤ᠂ ᠬᠡᠷᠡᠭ ᠢᠶᠠᠷ ᠬᠠᠷᠢᠭᠤᠴᠠᠯᠭ᠎ᠠ ᠶᠢ ᠶᠠᠷᠢᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠦᠯ ᠬᠥᠮᠦᠵᠢᠯ ᠢ ᠭᠦᠨᠵᠡᠭᠡᠢ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠢ ᠰᠤᠷᠤᠯᠴᠠᠵᠥ ᠰᠠᠬᠢᠯᠭ᠎ᠠ ᠪᠠᠲᠤ ᠶᠢ ᠮᠡᠳᠡᠵᠤ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠴᠢᠬᠤᠯᠠᠴᠢᠯᠠᠭᠰᠠᠨ ᠪᠠᠶᠢᠨ᠎ᠠ᠃ ᠲᠡᠷᠡ᠂ ᠰᠡᠷᠡᠮᠵᠢᠯᠡᠭᠦᠯᠦᠯ ᠬᠥᠮᠦᠵᠢᠯ ᠭᠦᠷᠳᠡᠭᠦ ᠶᠢᠨ ᠡᠷᠬᠢᠮ ᠨᠢ ᠲᠠᠷᠢᠬᠢᠨ ᠳᠠᠭᠠᠨ ᠬᠠᠳᠠᠩᠰᠢᠭᠤᠯᠵᠤ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠠᠪᠤᠳᠠᠯ ᠪᠣᠯᠣᠨ᠎ᠠ᠂ ᠲᠤᠬᠠᠢ ᠶᠢᠨ ᠴᠠᠭ ᠲᠤᠨᠢ ᠯᠡ ᠭᠦᠨᠵᠡᠭᠡᠢ ᠲᠥᠷᠥᠭᠳᠡᠯ ᠲᠠᠢ᠂ ᠥᠩᠭᠡᠷᠡᠭᠰᠡᠨ ᠤ ᠳᠠᠷᠠᠭ᠎ᠠ ᠪᠣᠳᠠᠲᠠᠢ ᠠᠵᠢᠯᠯᠠᠭ᠎ᠠ ᠠᠪᠬᠤ ᠦᠭᠡᠢ ᠪᠠᠶᠢᠵᠤ ᠪᠤᠯᠬᠤ ᠦᠭᠡᠢ᠃ ᠵᠠᠰᠠᠭ ᠤᠨ ᠰᠤᠷᠲᠠᠯ ᠤᠨ ᠪᠣᠯᠪᠠᠰᠤᠷᠠᠯ ᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ︽ᠶᠡᠭᠡ ᠶᠣᠰᠣ ᠶᠢ ᠮᠡᠳᠡᠬᠦ᠂ ᠨᠡᠶᠢᠲᠡ ᠶᠢᠨ ᠶᠣᠰᠣ ᠶᠢ ᠰᠠᠬᠢᠬᠤ᠂ ᠬᠤᠪᠢ ᠶᠢᠨ ᠶᠣᠰᠣ ᠶᠢ ᠴᠢᠩᠳᠠᠯᠠᠬᠤ︾ ᠰᠤᠷᠭᠠᠯ ᠢ ᠴᠠᠭ ᠢᠮᠠᠭᠲᠠ ᠪᠠᠲᠤ ᠴᠡᠭᠡᠵᠢᠯᠡᠵᠦ᠂ ᠵᠠᠰᠠᠭ ᠤᠨ ᠰᠤᠷᠲᠠᠯ ᠤᠨ ᠪᠣᠯᠪᠠᠰᠤᠷᠠᠯ ᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠶᠡᠷᠦᠩᠬᠡᠢ ᠨᠡᠭᠡᠭᠡᠯᠭᠡ︾ ᠶᠢ ᠴᠥᠬᠦᠷᠡᠰᠢ ᠦᠭᠡᠢ ᠴᠢᠩᠭᠠᠯᠠᠬᠤ ᠬᠡᠷᠡᠭᠲᠡᠢ᠃ ᠰᠠᠬᠢᠯᠭ᠎ᠠ ᠪᠠᠲᠤ ᠶᠢ ᠰᠤᠯᠠᠷᠠᠭᠤᠯᠤᠯ ᠦᠭᠡᠢ ᠴᠢᠩᠭ᠎ᠠ ᠰᠠᠬᠢᠵᠤ᠂ ᠶᠠᠮᠠᠷ ᠶᠠᠪᠤᠳᠠᠯ ᠭᠦᠢᠴᠡᠳᠬᠡᠭᠰᠡᠨ ᠴᠦ᠂ ᠶᠠᠮᠠᠷ ᠬᠥᠮᠥᠨ ᠳᠤ ᠬᠠᠨᠳᠤᠭᠰᠠᠨ ᠴᠤ᠂ ᠬᠡᠵᠢᠶ᠎ᠡ ᠴᠦ ᠭᠡᠰᠡᠨ ᠴᠥᠮ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠬᠦ ᠪᠠ ᠪᠠᠲᠤ ᠰᠠᠬᠢᠬᠤ ᠶᠢ ᠪᠠᠷᠢᠮᠲᠠᠯᠠᠬᠤ ᠬᠡᠷᠡᠭᠲᠡᠢ᠃ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠦᠨ ᠳᠦᠷᠢᠮ ᠲᠣᠭᠲᠠᠭᠠᠯ ᠠᠴᠠ ᠦᠯᠦ ᠵᠥᠷᠢᠴᠡᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠬᠠᠤᠯᠢ ᠪᠠᠷ ᠵᠠᠰᠠᠬᠤ ᠬᠡᠪᠴᠢᠶᠡᠨ ᠳᠤ ᠤᠬᠠᠮᠰᠠᠷ ᠠᠴᠠ ᠪᠠᠨ ᠠᠰᠠᠭᠤᠳᠠᠯ ᠢ ᠪᠣᠳᠣᠯᠬᠢᠯᠠᠨ᠂ ᠰᠢᠢᠳᠪᠦᠷᠢᠲᠦ ᠪᠣᠳᠣᠯᠭ᠎ᠠ ᠲᠣᠭᠲᠠᠭᠠᠨ᠂ ᠠᠵᠢᠯ ᠢᠶᠠᠨ ᠬᠢᠵᠦ᠂ ᠦᠭᠡ ᠪᠠᠷ ᠬᠠᠤᠯᠢ ᠶᠢ ᠣᠷᠣᠯᠠᠭᠤᠯᠵᠤ᠂ ᠡᠷᠬᠡ ᠪᠠᠷ ᠬᠠᠤᠯᠢ ᠶᠢ ᠳᠠᠷᠤᠵᠤ᠂ ᠬᠤᠪᠢ ᠶᠢᠨ ᠨᠠᠶᠢᠷ ᠢᠶᠠᠷ ᠬᠠᠤᠯᠢ ᠶᠢ ᠭᠠᠵᠢᠭᠤᠳᠠᠭᠤᠯᠵᠤ ᠶᠠᠭᠠᠬᠢᠭᠰᠠᠨ ᠴᠤ ᠪᠤᠯᠬᠤ ᠦᠭᠡᠢ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠴᠠᠯᠠᠭᠠᠶᠢᠳᠠᠬᠤ ᠦᠭᠡᠢ ᠪᠠᠶᠢᠵᠤ᠂ ᠬᠠᠷᠢᠭᠤᠴᠠᠯᠭ᠎ᠠ ᠪᠠᠨ ᠰᠡᠳᠬᠢᠯ ᠳᠡᠭᠡᠨ ᠲᠤᠩᠭᠠᠵᠤ᠂ ᠬᠠᠷᠢᠭᠤᠴᠠᠯᠭ᠎ᠠ ᠪᠠᠨ ᠦᠢᠯᠡ ᠠᠵᠢᠯᠯᠠᠭ᠎ᠠ ᠳᠡᠭᠡᠷ᠎ᠡ ᠪᠠᠨ ᠭᠦᠢᠴᠡᠳᠬᠡᠵᠦ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠵᠢᠯ ᠢᠶᠠᠨ ᠰᠠᠶᠢᠲᠤᠷ ᠬᠢᠵᠦ ᠰᠢᠯᠢᠳᠡᠭ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃    ᠳᠠᠷᠠᠭ᠎ᠠ ᠨᠢ᠂ ᠰᠦᠨ ᠱᠤᠤ ᠴᠧᠩ ︽ᠪᠢᠯᠵᠤᠤᠬᠠᠢ ᠶᠢ ᠲᠤᠶᠠᠴᠢᠬᠤ︾ ᠠᠷᠭ᠎ᠠ ᠪᠠᠷ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠤᠯᠠᠨ ᠳᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠲᠡᠷᠡ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠢᠯᠡᠷᠡᠭᠦᠯᠦᠭᠰᠡᠨ ᠠᠰᠠᠭᠤᠳᠠᠯ ᠮᠠᠰᠢ ᠣᠯᠠᠨ ᠪᠠᠶᠢᠨ᠎ᠠ᠃ ᠨᠢᠭᠡ ᠳᠤ᠂ ᠠᠰᠠᠭᠤᠳᠠᠯ ᠢ ᠬᠠᠷᠠᠵᠤ ᠪᠠᠶᠢᠭᠠᠳ ᠬᠠᠶᠢᠬᠤᠷᠬᠤ ᠦᠭᠡᠢ᠂ ᠡᠰᠡᠬᠦᠯ᠎ᠡ ᠠᠰᠠᠭᠤᠳᠠᠯ ᠢ ᠢᠯᠡᠷᠡᠭᠦᠯᠵᠦ ᠳᠡᠶᠢᠯᠭᠦ ᠦᠭᠡᠢ᠂ ᠡᠰᠡᠬᠦᠯ᠎ᠡ ᠮᠡᠳᠡᠭᠰᠡᠨ ᠴᠦ ᠮᠡᠳᠡᠭᠦᠯᠬᠦ ᠥᠭᠡᠶ︔ ᠬᠤᠶᠠᠷ ᠲᠤ᠂ ᠠᠰᠠᠭᠤᠳᠠᠯ ᠢ ᠢᠯᠡᠷᠡᠭᠦᠯᠦᠭᠡᠳ ᠰᠢᠢᠳᠪᠦᠷᠢᠯᠡᠬᠦ ᠦᠭᠡᠢ᠂ ᠴᠡᠭᠴᠡᠯᠡᠨ ᠵᠠᠰᠠᠬᠤ ᠶᠣᠰᠣᠲᠠᠢ ᠶᠢ ᠨᠢ ᠴᠡᠭᠴᠡᠯᠡᠨ ᠵᠠᠰᠠᠬᠤ ᠦᠭᠡᠢ᠂ ᠬᠠᠤᠯᠢ ᠬᠡᠷᠡᠭᠵᠢᠭᠦᠯᠬᠦ ᠶᠣᠰᠣᠲᠠᠢ ᠶᠢ ᠨᠢ ᠬᠠᠤᠯᠢ ᠬᠡᠷᠡᠭᠵᠢᠭᠦᠯᠬᠦ ᠦᠭᠡᠢ᠂ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠢᠶᠠᠨ ᠴᠤ ᠰᠠᠶᠢᠲᠤᠷ ᠬᠢᠬᠦ ᠦᠭᠡᠢ︔ ᠭᠤᠷᠪᠠ ᠳᠤ᠂ ᠠᠰᠠᠭᠤᠳᠠᠯ ᠢ ᠰᠢᠢᠳᠪᠦᠷᠢᠯᠡᠬᠦ ᠳᠤ ᠬᠦᠴᠢᠷ ᠲᠠᠢ ᠪᠣᠯ ᠤᠳᠠᠭᠠᠰᠢᠷᠠᠭᠤᠯᠵᠤ᠂ ᠠᠷᠭᠠᠯᠠᠵᠤ ᠪᠠᠶᠢᠭᠠᠳ ᠥᠩᠭᠡᠷᠡᠭᠡᠬᠦ ᠶᠢ ᠯᠡ ᠪᠤᠳᠤᠨ᠎ᠠ︔ ᠳᠥᠷᠪᠡ ᠳᠤ᠂ ᠴᠡᠭᠴᠡᠯᠡᠨ ᠰᠠᠶᠢᠵᠢᠷᠠᠭᠤᠯᠬᠤ ᠳᠠᠭᠠᠨ ᠨᠠᠷᠢᠨ ᠬᠢᠨᠠᠮᠠᠭᠠᠢ ᠦᠭᠡᠢ᠂ ᠬᠠᠰᠢ ᠶᠠᠰᠢ ᠪᠠᠷ ᠥᠩᠭᠡᠷᠡᠭᠦᠯᠵᠦ᠂ ᠳᠡᠭᠡᠷ᠎ᠡ ᠱᠠᠲᠤᠨ ᠠᠴᠠ ᠠᠰᠠᠭᠤᠳᠠᠯ ᠢ ᠨᠢᠭᠡᠨᠲᠡ ᠵᠢᠭᠠᠵᠤ ᠭᠠᠷᠭᠠᠭᠰᠠᠨ ᠪᠠᠶᠢᠲᠠᠯ᠎ᠠ ᠪᠠᠰᠠ ᠬᠠᠰᠢ ᠶᠠᠰᠢ ᠪᠠᠷ ᠠᠯᠪᠠ ᠬᠠᠰᠢᠵᠤ᠂ ᠴᠢᠨᠠᠭᠰᠢᠯᠠᠪᠠᠯ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠨ᠎ᠡ︔ ᠲᠠᠪᠤ ᠳᠤ᠂ ᠲᠦᠷᠦ ᠶᠢᠨ ᠪᠣᠳᠣᠯᠭ᠎ᠠ ᠶᠢ ᠰᠤᠳᠤᠯᠬᠤ ᠦᠭᠡᠢ᠂ ᠵᠠᠷᠢᠮ ᠶᠠᠪᠤᠳᠠᠯ ᠢ ᠲᠠᠭ ᠮᠡᠳᠡᠬᠦ ᠦᠭᠡᠢ᠂ ᠵᠠᠷᠢᠮ ᠠᠵᠢᠯ ᠢ ᠠᠯᠠᠩ ᠰᠠᠯᠠᠩ ᠭᠢᠳᠡᠭ︔ ᠵᠢᠷᠭᠤᠭ᠎ᠠ ᠳᠤ᠂ ᠤᠯᠠᠨ ᠲᠦᠮᠡᠨ ᠤ ᠠᠰᠢᠭ ᠲᠤᠰᠠ ᠶᠢ ᠬᠠᠶᠢᠬᠤᠷᠬᠤ ᠦᠭᠡᠢ᠂ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ ᠲᠠᠯ᠎ᠠ ᠪᠠᠷ ᠡᠷᠡᠰ ᠰᠢᠭᠤᠷᠬᠠᠢ ᠪᠢᠰᠢ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠥᠭᠬᠦ ᠲᠠᠯ᠎ᠠ ᠪᠠᠷ ᠢᠳᠡᠪᠬᠢᠲᠡᠢ ᠪᠢᠰᠢ᠂ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠴᠢᠷ ᠶᠠᠪᠤᠳᠠᠯ ᠭᠦᠢᠴᠡᠳᠬᠡᠬᠦ ᠳᠡᠭᠡᠨ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠳᠤ ᠲᠠᠯᠪᠢᠬᠤ ᠦᠭᠡᠢ︔ ᠲᠤᠯᠤᠭ᠎ᠠ ᠳᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠬᠤ ᠦᠭᠡᠢ᠂ ᠵᠥᠷᠢᠴᠡᠯ ᠵᠢᠭᠤᠷᠠᠯᠳᠤᠭᠠᠨ ᠪᠣᠯᠣᠨ ᠬᠦᠴᠢᠷ ᠠᠰᠠᠭᠤᠳᠠᠯ ᠳᠤ ᠬᠠᠨᠳᠤᠬᠤ ᠳᠠᠭᠠᠨ ᠠᠶᠤᠵᠤ ᠡᠮᠢᠶᠡᠵᠦ ᠴᠢᠨᠠᠭᠰᠢᠯᠠᠪᠠᠯ ᠬᠤᠶᠢᠰᠢ ᠤᠬᠤᠷᠢᠵᠤ᠂ ᠵᠣᠷᠢᠭᠲᠠᠢ ᠲᠡᠮᠡᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠳᠤᠷ᠎ᠠ ᠦᠭᠡᠢ︔ ᠨᠠᠢᠮᠠ ᠳᠤ᠂ ᠠᠵᠢᠯ ᠬᠢᠬᠦ ᠳᠡᠭᠡᠨ ᠬᠠᠷᠢᠭᠤᠴᠠᠯᠭ᠎ᠠ ᠦᠭᠡᠢ᠂ ᠨᠠᠷᠢᠨ ᠬᠢᠨᠠᠮᠠᠭᠠᠢ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠪᠣᠭᠤᠮᠲᠠ ᠶᠢ ᠴᠢᠩᠭ᠎ᠠ ᠰᠠᠬᠢᠬᠤ ᠦᠭᠡᠢ᠃ ᠡᠳᠡᠭᠡᠷ ᠠᠰᠠᠭᠤᠳᠠᠯ ᠤᠨ ᠣᠯᠠᠩᠬᠢ ᠨᠢ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠮᠡᠳᠡᠬᠦ ᠦᠭᠡᠢ᠂ ᠰᠠᠬᠢᠯᠭ᠎ᠠ ᠪᠠᠲᠤ ᠠᠴᠠ ᠵᠢᠷᠦᠬᠡᠰᠢᠶᠡᠬᠦ ᠦᠭᠡᠢ᠂ ᠰᠠᠬᠢᠯᠭ᠎ᠠ ᠪᠠᠲᠤ ᠶᠢ ᠰᠠᠬᠢᠬᠤ ᠦᠭᠡᠢ ᠪᠠᠶᠢᠬᠤ ᠲᠠᠢ ᠬᠤᠯᠪᠤᠭ᠎ᠠ ᠲᠠᠢ ᠪᠠᠶᠢᠳᠠᠭ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠷᠡᠮᠵᠢ ᠲᠠᠢ ᠪᠠᠶᠢᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠪᠦᠭᠦ ᠲᠠᠯ᠎ᠠ ᠪᠠᠷ ᠡᠵᠡᠮᠰᠢᠨ᠂ ᠴᠢᠩᠭ᠎ᠠ ᠵᠢᠷᠤᠮᠯᠠᠵᠤ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠪᠤᠯᠬᠤ ᠦᠭᠡᠢ ᠭᠡᠳᠡᠭ ᠢ ᠦᠨᠡᠨ ᠬᠦ ᠲᠣᠳᠣᠷᠬᠠᠢ ᠣᠶᠢᠯᠠᠭᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠣᠣᠷ᠎ᠠ ᠠᠵᠢᠯᠯᠠᠬᠤ ᠳᠠᠳᠬᠠᠯ ᠲᠠᠢ ᠪᠤᠯᠬᠤ ᠬᠡᠷᠡᠭᠲᠡᠢ᠃ ᠲᠦᠷᠦᠭᠦᠯᠡᠨ ᠡᠵᠡᠨ ᠬᠥᠮᠥᠨ ᠤ ᠤᠬᠠᠮᠰᠠᠷ ᠢᠶᠠᠨ ᠴᠢᠩᠭᠠᠳᠬᠠᠵᠤ᠂ ᠥᠪᠥᠷ ᠮᠣᠩᠭᠤᠯ ᠤᠨ ᠡᠬᠢ ᠪᠠᠶᠠᠯᠢᠭ ᠪᠣᠯᠭᠠᠨ ᠢ ᠨᠠᠨᠳᠢᠩᠨᠠᠨ᠂ ᠠᠯᠪᠠᠨ ᠤ ᠵᠠᠷᠤᠳᠠᠯ ᠮᠥᠩᠭᠦ ᠪᠦᠭᠦᠨ ᠢ ᠰᠠᠶᠢᠲᠤᠷ ᠬᠡᠷᠡᠭᠯᠡᠵᠦ᠂ ᠪᠦᠭᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ᠂ ᠡᠯ᠎ᠡ ᠠᠵᠢᠯ ᠲᠥᠷᠥᠯ ᠤᠨ ᠬᠢᠨ ᠤ ᠥᠪᠥᠷ ᠮᠣᠩᠭᠤᠯ ᠤᠨ ᠶᠠᠪᠤᠳᠠᠯ ᠢ ᠬᠠᠮᠲᠤ ᠪᠠᠷ ᠰᠠᠶᠢᠲᠤᠷ ᠬᠢᠬᠦ ᠶᠢ ᠬᠥᠲᠥᠯᠥᠨ ᠳᠠᠭᠠᠭᠤᠯᠬᠤ ᠬᠡᠷᠡᠭᠲᠡᠢ᠃ ᠵᠥᠪ ᠪᠤᠷᠤᠭᠤ ᠶᠢᠨ ᠲᠤᠬᠠᠢ ᠦᠵᠡᠯᠲᠡ ᠪᠠᠨ ᠲᠥᠪ ᠪᠤᠯᠭᠠᠵᠤ᠂ ᠢᠴᠢᠩᠭᠦᠷᠡᠬᠦ ᠰᠡᠳᠬᠢᠯᠭᠡ ᠶᠢ ᠪᠠᠶᠢᠩᠭᠤ ᠡᠪᠦᠷᠯᠡᠨ᠂ ᠢᠮᠠᠭᠲᠠ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠢ ᠳᠠᠪᠠᠭ᠋ᠤ ᠦᠭᠡᠢ ᠪᠠᠶᠢᠬᠤ ᠬᠡᠷᠡᠭᠲᠡᠢ᠃ ᠡᠷᠳᠡᠮ ᠴᠢᠳᠠᠪᠤᠷᠢ ᠪᠠᠨ ᠴᠢᠩᠭᠠᠳᠬᠠᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠤᠭᠤᠰᠢᠯᠠᠭᠤᠯᠤᠨ ᠬᠡᠷᠡᠭᠵᠢᠭᠦᠯᠬᠦ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠳᠠᠯᠠᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠭ᠎ᠠ ᠭᠠᠷᠭᠠᠬᠤ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠺᠠᠳ᠋ᠷ ᠤᠨ ᠠᠵᠢᠯ ᠶᠠᠪᠤᠳᠠᠯ ᠭᠦᠢᠴᠡᠳᠬᠡᠬᠦ ᠳᠤ ᠲᠦᠰᠢᠭ ᠲᠤᠯᠭᠠᠭᠤᠷᠢ ᠪᠣᠯᠵᠤ ᠡᠷᠴᠢ ᠵᠣᠷᠢᠭ ᠢ ᠨᠢ ᠬᠥᠪᠴᠢᠯᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠤᠯᠠᠨ ᠢ ᠳᠠᠷᠤᠭᠠᠰᠤ ᠦᠭᠡᠢ ᠪᠠᠷ ᠨᠢᠭᠡ ᠯᠡ ᠰᠡᠳᠬᠢᠯ ᠢᠶᠠᠷ ᠠᠵᠢᠯ ᠢᠶᠠᠨ ᠬᠢᠬᠦ ᠪᠤᠯᠭᠠᠬᠤ ᠬᠡᠷᠡᠭᠲᠡᠢ ᠭᠡᠵᠡᠢ᠃    ᠬᠤᠷᠠᠯ ᠳᠤ ᠣᠷᠣᠯᠴᠠᠭᠰᠠᠳ ︽ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠬᠤ ᠬᠡᠷᠡᠭᠲᠡᠢ︾ ᠭᠡᠬᠦ ᠰᠡᠷᠡᠮᠵᠢᠯᠡᠭᠦᠯᠦᠯ ᠬᠥᠮᠦᠵᠢᠯ ᠤᠨ ᠹᠢᠯᠢᠮ ᠢ ᠬᠠᠮᠲᠤ ᠪᠠᠷ ᠦᠵᠡᠪᠡ᠃ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号