6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠠᠮᠢ ᠠᠬᠤᠢ ᠣᠷᠴᠢᠨ ᠲᠣᠭᠤᠷᠢᠨ ᠤ ᠶᠠᠮᠤᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠲᠠᠢ ᠠᠭᠤᠯᠵᠠᠪᠠ᠃ | | 6 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠠᠮᠢ ᠠᠬᠤᠢ ᠣᠷᠴᠢᠨ ᠲᠣᠭᠤᠷᠢᠨ ᠤ ᠶᠠᠮᠤᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠲᠠᠢ ᠠᠭᠤᠯᠵᠠᠪᠠ᠃ | ᠰᠦᠨ ᠱᠤᠤ ᠴᠧᠩ ᠰᠦᠨ ᠶᠢᠨ ᠯᠦᠩ ᠨᠠᠷ ᠢ ᠪᠠᠶᠠᠷᠯᠠᠨ ᠤᠭᠲᠤᠵᠤ᠂ ᠠᠮᠢ ᠠᠬᠤᠢ ᠣᠷᠴᠢᠨ ᠲᠣᠭᠤᠷᠢᠨ ᠤ | ᠶᠠᠮᠤᠨ ᠠᠴᠠ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠵᠦ ᠪᠠᠶᠢᠭ᠎ᠠ ᠳᠤ ᠲᠠᠯᠠᠷᠬᠠᠵᠤ ᠪᠠᠶᠢᠬᠤ ᠪᠠᠨ | ᠢᠯᠡᠳᠬᠡᠬᠦ ᠶᠢᠨ ᠵᠡᠷᠭᠡ ᠪᠠᠷ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠡᠷᠦᠩᠬᠡᠢ ᠰᠡᠳᠬᠢᠴᠡ ᠪᠣᠯᠣᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠳᠣᠲᠣᠷ᠎ᠠ ᠲᠡᠷᠢᠭᠦᠨ | ᠡᠭᠦᠷᠭᠡ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠣᠭᠴᠠᠯᠠᠬᠤ ᠶᠠᠪᠤᠳᠠᠯ ᠪᠣᠯᠣᠨ᠎ᠠ᠃ ᠡᠨᠡ ᠬᠤᠶᠠᠷ ᠵᠢᠯ ᠳᠤ᠂ ᠪᠢᠳᠡ ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ᠪᠣᠬᠢᠷᠳᠤᠯ ᠢ ᠰᠡᠷᠭᠡᠶᠢᠯᠡᠨ ᠵᠠᠰᠠᠬᠤ᠂ ᠬᠥᠯᠥᠨ | ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠢᠯᠠᠩᠭᠤᠶ᠎ᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠪᠠ᠃ ᠪᠢᠳᠡ ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ | ᠥᠭᠡᠷᠡᠴᠢᠯᠡᠯᠲᠡ ᠮᠥᠨ ᠭᠡᠳᠡᠭ ᠢ ᠪᠠᠷᠢᠮᠲᠠᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠤᠶᠢᠮ᠎ᠠ | ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠪᠢᠳᠡᠨ ᠳᠤ ᠨᠡᠩ | ᠤᠯᠠᠨ ᠵᠢᠯᠣᠭᠤᠳᠤᠯᠭ᠎ᠠ ᠥᠭᠴᠦ᠂ ᠥᠪᠥᠷ ᠮᠣᠩᠭᠤᠯ ᠤᠨ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ | ᠭᠠᠵᠠᠷ ᠤᠨ ᠨᠣᠮᠢᠨ ᠨᠣᠭᠤᠭᠠᠨ ︽ᠤᠷᠲᠤ ᠴᠠᠭᠠᠨ ᠬᠡᠷᠡᠮ︾ ᠢ ᠨᠡᠩ ᠪᠠᠲᠤ ᠪᠠᠬᠢ ᠪᠣᠯᠭᠠᠨ ᠪᠠᠶᠢᠭᠤᠯᠬᠤ ᠳᠤ | ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ | ᠰᠦᠨ ᠶᠢᠨ ᠯᠦᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠣᠯᠣᠭᠰᠠᠨ ᠠᠮᠵᠢᠯᠲᠠ ᠶᠢ ᠨᠤᠲᠠᠯᠠᠵᠤ | ᠪᠠᠶᠢᠬᠤ ᠪᠠᠨ ᠢᠯᠡᠳᠬᠡᠪᠡ᠃ ᠲᠡᠷᠡ᠂ ᠣᠶᠢᠷ᠎ᠠ ᠶᠢᠨ ᠵᠢᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ | ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠴᠣᠭᠴᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠶᠢᠪᠢᠰᠢ ᠦᠭᠡᠢ ᠪᠠᠷ ᠠᠮᠢ | ᠠᠬᠤᠢ ᠶᠢ ᠪᠠᠲᠤᠯᠠᠵᠤ᠂ ᠠᠷᠪᠢᠯᠠᠨ ᠭᠠᠮᠨᠠᠬᠤ ᠶᠢ ᠠᠳᠬᠤᠵᠤ᠂ ᠪᠣᠬᠢᠷᠳᠤᠯ ᠢ ᠵᠠᠰᠠᠵᠤ᠂ ᠭᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠢᠳᠡᠪᠬᠢᠲᠡᠢ | ᠦᠷ᠎ᠡ ᠪᠦᠲᠦᠮᠵᠢ ᠣᠯᠵᠠᠢ᠃ ᠠᠮᠢ ᠠᠬᠤᠢ ᠣᠷᠴᠢᠨ ᠲᠣᠭᠤᠷᠢᠨ ᠤ ᠶᠠᠮᠤᠨ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ | ᠮᠣᠩᠭᠤᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠪᠣᠯᠣᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠭᠦᠨᠵᠡᠭᠡᠢ | ᠠᠬᠢᠭᠤᠯᠬᠤ ᠶᠢ ᠲᠡᠮᠵᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ᠂ ᠶᠣᠣ ᠶᠦᠩ ᠪᠦᠸᠧ | ᠣᠷᠣᠯᠴᠠᠵᠠᠢ᠃ |