ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠥᠪᠥᠷ ᠮᠣᠩᠭᠤᠯ ᠤᠨ ᠶᠠᠷᠢᠶᠠᠨ ᠤ ᠲᠠᠪᠴᠠᠩ ᠭᠦᠭᠡᠬᠤᠲᠠ ᠳᠤ ᠶᠠᠪᠤᠭᠳᠠᠪᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠷᠢᠳ ᠢᠶᠠᠷ ᠬᠢᠵᠦ ᠵᠢᠱᠢᠶ᠎ᠡ ᠦᠵᠡᠭᠦᠯᠭᠦ ᠶᠢ ᠴᠢᠷᠮᠠᠶᠢᠨ ᠠᠬᠢᠭᠤᠯᠤᠶ᠎ᠠ ᠰᠦᠨ ᠱᠤᠤ ᠴᠧᠩ ᠰᠦᠨ ᠶᠢᠨ ᠯᠦᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/6/19
    6 ᠰᠠᠷ᠎ᠠ ᠶᠢᠨ 18 ᠤ ᠡᠳᠦᠷ᠂ ᠠᠮᠢ ᠠᠬᠤᠢ ᠣᠷᠴᠢᠨ ᠲᠣᠭᠤᠷᠢᠨ ᠤ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠦᠭᠡᠬᠤᠲᠠ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠥᠪᠥᠷ ᠮᠣᠩᠭᠤᠯ ᠤᠨ ᠶᠠᠷᠢᠶᠠᠨ ᠤ ᠲᠠᠪᠴᠠᠩ ᠢ ᠬᠠᠮᠲᠤ ᠪᠠᠷ ᠭᠤᠣᠯᠯᠠᠨ ᠡᠷᠭᠢᠯᠡᠪᠡ᠃ ᠶᠠᠷᠢᠶᠠᠨ ᠤ ᠲᠠᠪᠴᠠᠩ ᠨᠢ ︽ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠷᠢᠳ ᠢᠶᠠᠷ ᠬᠢᠵᠦ ᠵᠢᠱᠢᠶ᠎ᠡ ᠦᠵᠡᠭᠦᠯᠭᠦ ᠶᠢ ᠴᠢᠷᠮᠠᠶᠢᠨ ᠠᠬᠢᠭᠤᠯᠬᠤ︾ ᠪᠠᠷ ᠭᠤᠣᠯ ᠰᠡᠳᠦᠪ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠥᠪᠥᠷ ᠮᠣᠩᠭᠤᠯ ᠳᠠᠬᠢ ᠠᠮᠢᠳᠤᠯᠢᠭ ᠦᠢᠯᠡᠳᠦᠯᠭᠡ ᠶᠢ ᠭᠦᠢᠴᠡᠳ ᠢᠯᠡᠷᠡᠭᠦᠯᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠶᠢ ᠠᠬᠢᠭᠤᠯᠪᠠ᠃
   
   6 ᠰᠠᠷ᠎ᠠ ᠶᠢᠨ 18 ᠤ ᠡᠳᠦᠷ᠂ ᠠᠮᠢ ᠠᠬᠤᠢ ᠣᠷᠴᠢᠨ ᠲᠣᠭᠤᠷᠢᠨ ᠤ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠦᠭᠡᠬᠤᠲᠠ ᠳᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠥᠪᠥᠷ ᠮᠣᠩᠭᠤᠯ ᠤᠨ ᠶᠠᠷᠢᠶᠠᠨ ᠤ ᠲᠠᠪᠴᠠᠩ ᠢ ᠬᠠᠮᠲᠤ ᠪᠠᠷ ᠭᠤᠣᠯᠯᠠᠨ ᠡᠷᠭᠢᠯᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠭᠢᠯᠡᠯᠲᠡ ᠶᠢᠨ ᠶᠣᠰᠣᠯᠠᠯ ᠢ ᠡᠷᠭᠢᠯᠡᠪᠡ᠃    ᠰᠦᠨ ᠱᠤᠤ ᠴᠧᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠶᠡᠷᠦᠩᠬᠡᠢ ᠪᠠᠶᠢᠷᠢᠰᠢᠭᠤᠯᠤᠯᠲᠠ ᠳᠤ ᠣᠷᠣᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠦᠢᠯᠡᠳᠦᠯᠭᠡ ᠳᠤᠮᠳᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠷᠢᠯᠳᠦᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠤᠨᠤᠯ ᠤᠨ ᠵᠢᠯᠣᠭᠤᠳᠤᠯᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡᠳᠦᠭᠡᠷ ᠨᠢ ᠳᠠᠷᠤᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠠᠪᠤᠳᠠᠯ ᠪᠠᠶᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠠᠶᠢᠷᠢ ᠰᠠᠭᠤᠷᠢ ᠶᠢ ᠡᠵᠡᠮᠳᠡᠬᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠪᠤᠯᠬᠤ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠠᠷᠠᠳ ᠲᠦᠮᠡᠨ ᠢᠶᠠᠷ ᠭᠤᠣᠯ ᠪᠤᠯᠭᠠᠬᠤ ᠥᠷᠲᠡᠭ ᠤᠨ ᠬᠠᠨᠳᠤᠰᠢ ᠶᠢ ᠪᠠᠷᠢᠮᠲᠠᠯᠠᠬᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠠᠯᠢ ᠣᠯᠠᠨ ᠴᠢᠬᠤᠯᠠ ᠥᠭᠦᠯᠡᠯᠲᠡ ᠬᠢᠪᠡ᠃ ᠣᠶᠢᠷ᠎ᠠ ᠶᠢᠨ ᠵᠢᠯ ᠠᠴᠠ ᠨᠠᠭᠠᠰᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠪᠠᠷ ᠶᠡᠷᠦᠩᠬᠡᠢ ᠭᠠᠷᠳᠠᠴᠠ ᠪᠤᠯᠭᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠠᠲᠤᠨ ᠭᠤᠣᠯ ᠢ ᠨᠠᠷᠢᠨ ᠨᠢᠮᠪᠠᠢ ᠰᠠᠬᠢᠨ ᠬᠠᠮᠠᠭᠠᠯᠠᠵᠤ᠂ ᠲᠠᠯ᠎ᠠ ᠨᠤᠲᠤᠭ ᠣᠶ ᠰᠢᠭᠤᠢ ᠶᠢ ᠪᠦᠭᠦ ᠬᠦᠴᠦᠨ ᠢᠶᠠᠷ ᠢᠶᠠᠨ ᠬᠠᠮᠠᠭᠠᠯᠠᠵᠤ᠂ ︽ᠭᠤᠷᠪᠠᠨ ᠨᠠᠭᠤᠷ︾ ᠢ ᠭᠤᠣᠯᠳᠠᠯᠭ᠎ᠠ ᠲᠠᠢ ᠵᠠᠰᠠᠵᠤ᠂ ᠪᠣᠬᠢᠷᠳᠤᠯ ᠦᠭᠡᠢ ᠠᠵᠤ ᠠᠬᠤᠢ ᠶᠢᠨ ᠨᠡᠮᠡᠭᠳᠡᠯ ᠤᠨ ᠲᠦᠢᠯ ᠢ ᠢᠳᠡᠪᠬᠢᠲᠡᠢ ᠪᠤᠶᠢᠵᠢᠭᠤᠯᠵᠤ᠂ ᠪᠦᠭᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠢᠯᠡᠳᠲᠡ ᠦᠷ᠎ᠡ ᠪᠦᠲᠦᠮᠵᠢ ᠣᠯᠬᠤ ᠶᠢ ᠠᠬᠢᠭᠤᠯᠪᠠ᠃ ᠰᠢᠨ᠎ᠡ ᠠᠶᠠᠨ ᠳᠤ᠂ ᠪᠢᠳᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠡᠯᠧᠮᠧᠨ᠋ᠲ ᠪᠦᠭᠦ ᠲᠠᠯ᠎ᠠ ᠶᠢᠨ ᠵᠠᠰᠠᠯᠲᠠ ᠶᠢᠨ ᠪᠠᠶᠢᠷᠢᠰᠢᠯ᠂ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠲᠣᠭᠲᠠᠴᠠ ᠶᠢ ᠲᠣᠭᠲᠠᠭᠠᠨ ᠪᠠᠶᠢᠭᠤᠯᠬᠤ ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠲᠠᠯ᠎ᠠ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ᠃ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠷᠭᠡᠨ ᠤᠯᠠᠨ ᠲᠤᠰᠬᠠᠢ ᠮᠡᠷᠭᠡᠵᠢᠯᠲᠡᠨ ᠡᠷᠳᠡᠮᠲᠡᠳ ᠥᠩᠭᠡᠷᠡᠭᠰᠡᠨ ᠲᠠᠢ ᠪᠠᠨ ᠠᠳᠠᠯᠢ ᠪᠠᠷ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠥᠪᠥᠷ ᠮᠣᠩᠭᠤᠯ ᠲᠠᠢ ᠬᠠᠮᠲᠤ ᠪᠠᠷ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠮᠢᠨ ᠨᠣᠭᠤᠭᠠᠨ ︽ᠤᠷᠳᠤ ᠴᠠᠭᠠᠨ ᠬᠡᠷᠡᠮ︾ ᠢ ᠰᠠᠶᠢᠲᠤᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ ᠭᠡᠪᠡ᠃    ᠰᠦᠨ ᠶᠢᠨ ᠯᠦᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠷᠢᠯᠳᠦᠭᠦᠯᠵᠦ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠬᠤ ᠶᠢ ᠵᠢᠭᠠᠨ ᠬᠥᠲᠥᠯᠵᠦ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠪᠦᠲᠦᠮᠵᠢ ᠣᠯᠪᠠ᠃ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠴᠢᠨᠠᠭᠰᠢᠳᠠ ᠪᠠᠶᠠᠯᠢᠭᠵᠢᠭᠤᠯᠤᠨ ᠬᠥᠭᠵᠢᠭᠦᠯᠵᠦ᠂ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠷᠡᠰ ᠭᠤᠶᠢᠪᠢᠰᠢ ᠦᠭᠡᠢ ᠪᠠᠷ ᠠᠮᠢ ᠠᠬᠤᠢ ᠶᠢ ᠬᠠᠮᠠᠭᠠᠯᠠᠵᠤ᠂ ᠠᠷᠪᠢᠯᠠᠨ ᠭᠠᠮᠨᠠᠬᠤ ᠶᠢ ᠠᠳᠬᠤᠵᠤ᠂ ᠪᠣᠬᠢᠷᠳᠤᠯ ᠢ ᠵᠠᠰᠠᠵᠤ᠂ ᠭᠡᠯᠪᠡᠷᠢ ᠶᠢ ᠬᠤᠪᠢᠷᠠᠭᠤᠯᠵᠤ᠂ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ᠃ ᠥᠪᠥᠷ ᠮᠣᠩᠭᠤᠯ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠤᠰ ᠪᠡᠶ᠎ᠡ ᠶᠢᠨ ᠪᠠᠶᠢᠷᠢ ᠲᠣᠭᠲᠠᠭᠠᠯᠲᠠ ᠪᠠ ᠡᠬᠢ ᠪᠠᠶᠠᠯᠢᠭ ᠣᠷᠴᠢᠨ ᠲᠣᠭᠤᠷᠢᠨ ᠤ ᠳᠠᠪᠠᠭᠤᠯᠢᠭ ᠲᠠᠭᠠᠨ ᠰᠠᠭᠤᠷᠢᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠠᠷᠭ᠎ᠠ ᠭᠡᠯᠪᠡᠷᠢ ᠪᠠᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠵᠠᠰᠠᠨ ᠰᠡᠷᠭᠦᠭᠡᠬᠦ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠥᠷᠨᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠬᠠᠮᠵᠢᠯᠴᠠᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠥᠪᠥᠷ ᠮᠣᠩᠭᠤᠯ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠵᠦ ᠪᠠᠶᠢᠨ᠎ᠠ᠃ ᠠᠮᠢ ᠠᠬᠤᠢ ᠣᠷᠴᠢᠨ ᠲᠣᠭᠤᠷᠢᠨ ᠤ ᠶᠠᠮᠤᠨ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢ ᠳᠡᠮᠵᠢᠵᠦ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠣᠯᠣᠨ᠎ᠠ ᠭᠡᠵᠦ ᠬᠡᠯᠡᠪᠡ᠃    ᠡᠭᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠬᠰᠠᠨ ᠵᠣᠴᠢᠳ ︽ᠤᠮᠠᠷᠠᠲᠤ ᠬᠢᠯᠢ ᠶᠢᠨ ᠨᠣᠮᠢᠨ ᠨᠣᠭᠤᠭᠠᠨ ᠢ ᠥᠳᠬᠡᠷᠡᠭᠦᠯᠵᠦ ᠳᠤᠮᠳᠠᠳᠤ ᠤᠯᠤᠰ ᠤᠨ ᠬᠥᠬᠡ ᠴᠡᠩᠬᠡᠷ ᠲᠤ ᠥᠩᠭᠡ ᠪᠤᠳᠤᠬ ᠨᠡᠮᠡᠷᠢᠯᠡᠶ᠎ᠡ︾ ᠭᠡᠬᠦ ᠤᠬᠠᠭᠤᠯᠭ᠎ᠠ ᠶᠢᠨ ᠹᠢᠯᠢᠮ ᠢ ᠰᠣᠨᠢᠷᠬᠠᠪᠠ᠃ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠳᠤ 1 ᠭᠤᠣᠯ ᠶᠠᠷᠢᠶᠠᠨ ᠤ ᠲᠠᠪᠴᠠᠩ ᠪᠣᠯᠣᠨ 2 ᠵᠡᠷᠭᠡᠴᠡᠭᠡ ᠬᠤᠪᠢᠶᠠᠷᠢ ᠶᠠᠷᠢᠶᠠᠨ ᠤ ᠲᠠᠪᠴᠠᠩ ᠢ ᠲᠣᠬᠢᠷᠠᠭᠤᠯᠪᠠ᠃    ᠤᠰᠤᠨ ᠠᠰᠢᠭᠯᠠᠯᠲᠠ ᠶᠢᠨ ᠶᠠᠮᠤᠨ ᠤ ᠶᠡᠷᠦᠩᠬᠡᠢ ᠢᠨᠵᠧᠨᠧᠷ ᠵᠦᠩ ᡁᠢ ᠢᠦᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠢ ᠣᠷᠴᠢᠨ ᠲᠣᠭᠤᠷᠢᠨ ᠤ ᠰᠤᠳᠤᠯᠭᠠᠨ ᠤ ᠲᠥᠪ ᠤᠨ ᠡᠷᠳᠡᠮ ᠰᠢᠨᠵᠢᠯᠡᠭᠡᠨ ᠤ ᠵᠥᠪᠯᠡᠯ ᠤᠨ ᠡᠷᠭᠢᠯᠡᠭᠴᠢ ᠹᠦ᠋ ᠪᠦᠸᠧ ᠵᠢᠶᠧ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠾᠧ ᠺᠧ ᠪᠢᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ᠂ ᠶᠣᠣ ᠶᠦᠩ ᠪᠦᠸᠧ ᠡᠭᠢᠯᠡᠯᠲᠡ ᠶᠢᠨ ᠶᠣᠰᠣᠯᠠᠯ ᠳᠤ ᠣᠷᠣᠯᠴᠠᠵᠠᠢ᠃    ᠠᠮᠢ ᠠᠬᠤᠢ ᠣᠷᠴᠢᠨ ᠲᠣᠭᠤᠷᠢᠨ ᠤ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠶᠢᠨ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠡᠰᠡᠭ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠭᠤᠴᠢᠯᠠᠭᠤᠷ ᠤᠨ ᠲᠥᠯᠥᠭᠡᠯᠡᠭᠴᠢ ᠨᠠᠷ ᠶᠠᠷᠢᠶᠠᠨ ᠤ ᠲᠠᠪᠴᠠᠩ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号