ᠸᠠᠩ ᠯᠢ ᠰᠢᠶᠠ ᠣᠷᠳᠣᠰ ᠬᠤᠳᠠ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠤᠭᠤᠳᠴᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/20
    6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠸᠠᠩ ᠯᠢ ᠰᠢᠶᠠ ᠣᠷᠳᠣᠰ ᠬᠤᠳᠠ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠤᠭᠤᠳᠴᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠪᠠ᠃
 
   ᠸᠠᠩ ᠯᠢ ᠰᠢᠶᠠ ᠡᠩ ᠲᠡᠷᠢᠭᠦᠨ ᠳᠤ ᠳ᠋ᠦᠩᠱᠧᠩ ᠲᠣᠭᠤᠷᠢᠭ ᠤᠨ ᠠᠨᠳᠠ ᠨᠡᠶᠢᠭᠡᠮ ᠲᠣᠭᠤᠷᠢᠭ ᠲᠤ ᠬᠦᠷᠴᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠨᠡᠶᠢᠭᠡᠮ ᠲᠣᠭᠤᠷᠢᠭ ᠤᠨ ᠨᠠᠮ ᠤᠨ ᠡᠭᠦᠷ ᠪᠠ ᠠᠷᠠᠳ ᠤᠨ ᠵᠥᠪᠯᠡᠯ ᠤᠨ ᠪᠠᠭ ᠤᠨ ᠬᠢᠨ ᠪᠣᠯᠣᠨ ᠨᠡᠭᠦᠳᠡᠯ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠤᠷᠤᠯᠴᠠᠬᠰᠠᠨ ᠪᠠᠶᠢᠳᠠᠯ ᠢ ᠣᠶᠢᠯᠠᠭᠠᠪᠠ᠃ ᠲᠡᠷᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠤᠯᠭᠠᠬᠤ ᠬᠡᠷᠡᠭᠲᠡᠢ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ᠂ ︽ᠪᠠᠭ᠎ᠠ ᠮᠣᠷᠢᠨ ᠳᠤ ᠶᠡᠭᠡ ᠲᠡᠷᠭᠡ ᠬᠥᠯᠬᠦ︾ ᠠᠰᠠᠭᠤᠳᠠᠯ ᠢ ᠠᠷᠭᠠᠴᠠᠭᠠᠨ ᠰᠢᠢᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠲᠡᠷᠡ ᠲᠢᠶᠠᠨ ᠵᠢᠶᠣᠣ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠢᠴᠡᠳ ᠨᠤᠲᠠᠯᠠᠵᠤ᠂ ᠰᠠᠶᠢᠨ ᠳᠤᠷ᠎ᠠ ᠶᠢᠨ ᠠᠵᠢᠯᠯᠠᠭᠰᠠᠳ ᠤᠨ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠬᠦ ᠮᠥᠷᠲᠡᠭᠡᠨ ᠤᠯᠠᠨ ᠲᠦᠮᠡᠨ ᠢ ᠲᠠᠶᠢᠴᠢᠯᠠᠨ ᠥᠷᠭᠡᠨ ᠢᠶᠠᠷ ᠣᠷᠣᠯᠴᠠᠭᠤᠯᠬᠤ ᠶᠢ ᠵᠣᠷᠢᠭᠵᠢᠭᠤᠯᠪᠠ᠃    ᠸᠠᠩ ᠯᠢ ᠰᠢᠶᠠ ᠤᠷᠢᠳ ᠬᠤᠵᠢᠳ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠵᠠᠪᠰᠠᠷ ᠲᠤᠷᠰᠢᠯᠲᠠ ᠶᠢᠨ ᠰᠠᠭᠤᠷᠢᠨ ᠪᠣᠯᠣᠨ ᠥᠪᠥᠷ ᠮᠣᠩᠭᠤᠯ ᠤᠨ ᠪᠦᠦ ᠹᠧᠩ ᠨᠡᠭᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠠᠪᠴᠠᠩ ᠤᠨ ᠪᠠᠶᠢᠭᠤᠯᠤᠯᠲᠠ᠂ ᠲᠦᠷᠦᠯ ᠵᠦᠢᠯ ᠤᠨ ᠠᠬᠢᠴᠠ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠯᠢᠭ ᠣᠶᠢᠯᠠᠭᠠᠪᠠ᠃ ᠲᠡᠷᠡ᠂ ᠵᠠᠪᠰᠠᠷ ᠲᠤᠷᠰᠢᠯᠲᠠ ᠶᠢᠨ ᠰᠠᠭᠤᠷᠢᠨ ᠤ ᠬᠢᠨ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠶᠡᠭᠡ ᠪᠠᠷ ᠣᠷᠣᠭᠤᠯᠤᠨ ᠠᠪᠴᠢᠷᠠᠵᠤ᠂ ᠪᠦᠭᠦ ᠤᠯᠤᠰ ᠲᠤ ᠬᠠᠨᠳᠤᠭᠤᠯᠤᠨ ᠦᠢᠯᠡᠴᠢᠯᠡᠭᠡ ᠬᠠᠩᠭᠠᠬᠤ ᠭᠡᠷᠡᠭᠲᠡᠢ︔ ᠪᠦᠦ ᠹᠧᠩ ᠤᠨ ᠲᠥᠷᠥᠯ ᠵᠦᠢᠯ ᠤᠨ ᠬᠠᠷᠢᠭᠤᠴᠠᠯᠭᠠᠲᠠᠨ ᠳᠤ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠡᠷᠲᠡᠬᠡᠨ ᠦᠢᠯᠡᠳᠪᠦᠷᠢᠯᠡᠯ ᠤᠨ ᠪᠠᠷᠢᠮᠵᠢᠶ᠎ᠠ ᠳᠤ ᠬᠦᠷᠴᠦ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠤᠷᠢᠳᠴᠢᠯᠠᠨ ᠲᠥᠰᠥᠪᠯᠡᠬᠦ ᠬᠡᠷᠡᠭᠲᠡᠢ ᠭᠡᠵᠦ ᠵᠠᠬᠢᠪᠠ᠃ ᠦᠦᠰᠢᠨ ᠬᠤᠰᠢᠭᠤᠨ ᠳᠤ᠂ ᠸᠠᠩ ᠯᠢ ᠰᠢᠶᠠ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠣᠷᠳᠣᠰ ᠬᠤᠳᠠ ᠶᠢᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ᠂ ᠥᠪᠥᠷ ᠮᠣᠩᠭᠤᠯ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠣᠯᠣᠨ ᠨᠡᠭᠦᠷᠡᠰᠦ ᠪᠠᠷ ᠲᠣᠰᠣ ᠬᠡᠢ ᠦᠢᠯᠡᠳᠬᠦ ᠪᠠᠶᠢᠯᠳᠤᠬᠤ ᠪᠣᠳᠣᠯᠭ᠎ᠠ ᠶᠢᠨ ᠰᠠᠭᠤᠷᠢᠨ ᠢ ᠪᠦᠲᠦᠭᠡᠨ ᠪᠠᠶᠢᠭᠤᠯᠬᠤ ᠴᠢᠬᠤᠯᠠ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠬᠤᠯᠪᠣᠯᠳᠤᠨ ᠬᠥᠭᠵᠢᠬᠦ᠂ ᠬᠡᠯᠬᠢᠶ᠎ᠡ ᠶᠢ ᠤᠷᠲᠤᠳᠬᠠᠬᠤ ᠵᠡᠷᠭᠡ ᠲᠠᠯ᠎ᠠ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠢ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠪᠦᠭᠦ ᠣᠷᠣᠨ ᠢᠶᠠᠷ ᠢᠶᠠᠨ ᠨᠢᠭᠡᠳᠦᠯᠲᠡᠢ ᠲᠥᠯᠥᠪᠵᠢᠭᠦᠯᠵᠦ᠂ ᠵᠣᠬᠢᠰᠲᠠᠢ ᠪᠠᠶᠢᠷᠢᠰᠢᠭᠤᠯᠵᠤ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠂ ᠭᠠᠵᠠᠷ ᠪᠣᠯᠭᠠᠨ ᠳᠤ ᠪᠦᠲᠦᠭᠡᠨ ᠪᠠᠶᠢᠭᠤᠯᠵᠤ ᠪᠤᠯᠬᠤ ᠦᠭᠡᠢ᠃ ᠵᠠᠰᠠᠭ ᠤᠨ ᠣᠷᠳᠣᠨ ᠠᠴᠠ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ ᠂ ᠪᠦᠭᠦ ᠲᠠᠯ᠎ᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠂ ᠤᠯᠤᠰ ᠤᠨ ᠲᠠᠰ ᠳᠠᠪᠬᠤᠷᠭ᠎ᠠ ᠳᠤ ᠬᠠᠷᠢᠶᠠᠯᠠᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠴᠥᠮ ᠬᠠᠪᠰᠤᠷᠤᠨ ᠭᠦᠶᠦᠵᠦ᠂ ᠬᠠᠪᠰᠤᠷᠤᠨ ᠠᠩᠬᠠᠷᠴᠤ᠂ ᠣᠷᠣᠨ ᠤ ᠳᠣᠲᠣᠨ᠎ᠠ ᠬᠠᠷᠢᠶᠠᠯᠠᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠳᠠᠭᠠᠭᠠᠯᠭᠠᠨ ᠲᠤᠰᠬᠠᠢ ᠠᠩᠭᠢ ᠪᠠᠶᠢᠭᠤᠯᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠡᠨᠡ ᠬᠤᠭᠤᠴᠠᠭᠠᠨ ᠳᠤ᠂ ᠸᠠᠩ ᠯᠢ ᠰᠢᠶᠠ ᠪᠠᠰᠠ ᠲᠤᠬᠠᠢ ᠶᠢᠨ ᠳᠠᠯᠠᠪᠠᠢ ᠳᠤ ᠵᠠᠬᠢᠳᠠᠯ ᠰᠤᠷᠪᠤᠯᠵᠢᠯᠠᠯ ᠤᠨ ᠬᠡᠷᠡᠭ ᠳᠠᠭᠠᠭᠠᠴᠢᠯᠠᠵᠤ ᠰᠢᠢᠳᠪᠦᠷᠢᠯᠡᠭᠰᠡᠨ ᠪᠠᠶᠢᠳᠠᠯ ᠢ ᠲᠣᠬᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号