ᠥᠪᠥᠷ ᠮᠣᠩᠭᠤᠯ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/6/20
    ᠦᠶᠡᠷ ᠤᠨ ᠬᠤᠭᠤᠴᠠᠭ᠎ᠠ ᠣᠶᠢᠷᠠᠳᠬᠤ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠳᠤ᠂ ᠥᠪᠥᠷ ᠮᠣᠩᠭᠤᠯ ︽ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠯᠲᠠ ᠬᠢᠬᠦ᠂ ᠪᠡᠯᠡᠳᠬᠡᠯ ᠲᠥᠰᠥᠯ︾ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃    ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠳᠤ ᠰᠢᠷᠦᠭᠦᠨ ᠪᠣᠷᠣᠭᠠᠨ᠂ ᠭᠠᠩ ᠬᠠᠭᠰᠠᠷᠠᠭᠠᠨ ᠵᠡᠷᠭᠡ ᠣᠨᠴᠠᠭᠠᠶ ᠴᠠᠭ ᠠᠭᠤᠷ ᠤᠨ ᠪᠠᠶᠢᠳᠠᠯ ᠨᠡᠯᠢᠶᠡᠳ ᠣᠯᠠᠨ ᠪᠠᠶᠢᠵᠤ᠂ ᠭᠠᠩ ᠤᠰᠤᠳᠤᠯ ᠤᠨ ᠪᠠᠶᠢᠳᠠᠯ ᠲᠡᠩᠴᠡᠭᠦᠷᠢ ᠦᠭᠡᠢ ᠪᠣᠯᠵᠤ᠂ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠪᠠᠶᠢᠭᠰᠠᠨ ᠠᠴᠠ ᠪᠠᠨ ᠣᠭᠵᠣᠮ ᠦᠶᠡᠷ ᠤᠰᠤᠳᠤᠯ ᠡᠭᠦᠰᠬᠦ ᠪᠣᠯᠣᠮᠵᠢ ᠲᠠᠢ᠃ ᠬᠥᠯᠥᠨ ᠪᠤᠶᠢᠷ ᠬᠤᠲᠠ ᠶᠢᠨ ᠵᠡᠭᠦᠨ ᠡᠮᠦᠨ᠎ᠡ ᠬᠡᠰᠡᠭ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠶᠢᠨ ᠬᠡᠰᠡᠭ ᠭᠠᠵᠠᠷ ᠣᠷᠣᠨ ᠳᠤ ᠬᠤᠷ᠎ᠠ ᠲᠤᠨᠳᠠᠰᠤ ᠡᠩ ᠤᠨ ᠵᠢᠯ ᠤᠨ ᠬᠢ ᠠᠴᠠ 20% ᠢᠯᠡᠭᠦᠦ ᠪᠠᠶᠢᠵᠤ᠂ ᠲᠦᠢᠯ ᠤᠨ ᠰᠢᠷᠦᠭᠦᠨ ᠪᠣᠷᠣᠭᠠᠨ ᠣᠷᠣᠬᠤ ᠪᠣᠯᠣᠮᠵᠢ ᠨᠡᠯᠢᠶᠡᠳ ᠶᠡᠭᠡ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ᠳᠥᠷᠪᠡᠨ ᠤᠷᠢᠳᠴᠢᠯᠠᠭᠰᠠᠨ︾ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠴᠢᠩᠭᠠᠳᠬᠠᠨ᠂ ︽ᠳᠥᠷᠪᠡᠨ ᠪᠠᠶᠢᠳᠠᠯ︾ ᠤᠨ ᠰᠡᠷᠭᠡᠶᠢᠯᠡᠯᠲᠡ ᠶᠢ ᠨᠠᠪᠲᠠᠷᠡᠭᠦᠯᠵᠦ᠂ ᠭᠤᠯᠳᠤ ᠪᠠᠷ ᠡᠴᠦᠰ ᠲᠤ ᠨᠢ ᠲᠤᠯᠲᠠᠯ᠎ᠠ ᠬᠢᠬᠦ᠂ ᠬᠥᠨᠳᠡᠯᠡᠨ ᠢᠶᠠᠷ ᠵᠠᠬ᠎ᠠ ᠬᠢᠵᠠᠭᠠᠷ ᠲᠤ ᠨᠢ ᠬᠦᠷᠲᠡᠯ᠎ᠡ ᠬᠢᠬᠦ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠠᠴᠠ ᠰᠡᠷᠭᠡᠶᠢᠯᠡᠬᠦ ᠲᠣᠭᠲᠠᠯᠴᠠᠭ᠎ᠠ ᠪᠠᠶᠢᠭᠤᠯᠵᠤ᠂ ᠠᠶᠤᠯ ᠲᠦᠭᠰᠢᠭᠦᠷᠢ ᠤᠨ ᠨᠢᠭᠡ ᠵᠢᠷᠤᠭ᠂ ᠤᠷᠢᠳᠴᠢᠯᠠᠨ ᠰᠡᠷᠡᠮᠵᠢᠯᠡᠭᠦᠯᠬᠦ‍ ᠨᠢᠭᠡ ᠲᠣᠭᠲᠠᠯᠴᠠᠭ᠎ᠠ᠂ ᠬᠠᠮᠢᠶᠠᠷᠤᠨ ᠡᠵᠡᠮᠳᠡᠬᠦ‍ ᠨᠢᠭᠡ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠤᠷᠢᠳᠴᠢᠯᠠᠨ ᠮᠡᠳᠡᠭᠡᠯᠡᠬᠦ᠂ ᠴᠠᠭ ᠲᠤᠬᠠᠢ ᠳᠤ ᠨᠢ ᠤᠷᠢᠳᠴᠢᠯᠠᠨ ᠰᠡᠷᠡᠮᠵᠢᠯᠡᠭᠦᠯᠬᠦ᠂ ᠰᠢᠰᠲ᠋ᠧᠮ ᠲᠠᠢ ᠣᠷᠢᠳᠴᠢᠯᠠᠭᠰᠠᠨ ᠰᠣᠷᠢᠯᠲᠠ ᠬᠢᠬᠦ᠂ ᠪᠦᠲᠦᠮᠵᠢᠲᠡᠶ ᠪᠡᠯᠡᠳᠬᠡᠯ ᠲᠥᠰᠥᠯ ᠲᠠᠢ ᠪᠠᠶᠢᠬᠤ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃    ᠤᠰᠤᠨ ᠴᠥᠭᠦᠷᠥᠮ ᠤᠨ ᠠᠮᠤᠷ ᠲᠦᠪᠰᠢᠨ ᠨᠢ ᠠᠮᠢ ᠨᠠᠰᠤᠨ ᠤ ᠠᠮᠤᠷ ᠲᠦᠪᠰᠢᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ ᠲᠠᠢ ᠬᠤᠯᠪᠣᠭᠳᠠᠨ᠎ᠠ᠃ ᠥᠪᠥᠷ ᠮᠣᠩᠭᠤᠯ ᠨᠤᠷᠠᠬᠤ ᠠᠶᠤᠯ ᠲᠠᠢ ᠤᠰᠤᠨ ᠴᠥᠭᠦᠷᠥᠮ ᠤᠳ ᠤᠨ ᠠᠶᠤᠯ ᠢ ᠠᠷᠢᠯᠭᠠᠨ ᠪᠠᠬᠢᠵᠢᠭᠦᠯᠬᠦ ᠪᠠᠨ ᠠᠬᠢᠭᠤᠯᠬᠤ᠂ ᠤᠰᠤᠨ ᠴᠥᠭᠦᠷᠥᠮ ᠤᠨ ᠪᠠᠭᠲᠠᠭᠠᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠵᠡᠷᠭᠡ 6 ᠲᠠᠯ᠎ᠠ ᠪᠠᠷ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠲᠣᠪᠤᠶᠢᠮ᠎ᠠ ᠰᠠᠶᠢᠲᠤᠷ ᠠᠳᠬᠤᠨ᠎ᠠ᠃ ᠠᠭᠤᠯᠠᠨ ᠦᠶᠡᠷ ᠤᠨ ᠭᠠᠮᠰᠢᠭ ᠪᠣᠯ ᠮᠠᠨ ᠤ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠮᠥᠨ᠂ ᠥᠪᠥᠷ ᠮᠣᠩᠭᠤᠯ ᠠᠭᠤᠯᠠᠨ ᠦᠶᠡᠷ ᠤᠨ ᠭᠠᠮᠰᠢᠭ ᠢ ᠪᠥᠬᠦ ᠬᠦᠴᠦᠨ ᠢᠶᠠᠷ ᠢᠶᠠᠨ ᠰᠡᠷᠭᠡᠶᠢᠯᠡᠵᠦ᠂ ᠬᠥᠮᠥᠰ ᠢ ᠨᠡᠭᠦᠯᠭᠡᠨ ᠠᠶᠤᠯ ᠠᠴᠠ ᠵᠠᠶᠢᠯᠠᠭᠤᠯᠬᠤ ᠪᠠᠨ ᠴᠢᠩᠭᠠᠳᠬᠠᠨ᠂ ᠪᠠᠭᠤᠷᠠᠢ ᠭᠤᠭᠴᠤᠭ᠎ᠠ ᠶᠢ ᠨᠢᠭᠲᠠ ᠠᠩᠬᠠᠷᠴᠤ ᠪᠠᠶᠢᠨ᠎ᠠ᠃ ᠰᠡᠷᠭᠡᠶᠢᠯᠡᠬᠦ ᠭᠤᠣᠯᠳᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠬᠤ ᠶᠢᠨ ᠲᠥᠯᠥᠭᠡ ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ ᠴᠥᠮ ᠦᠶᠡᠷ ᠠᠴᠠ ᠡᠮᠦᠨᠡᠬᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠦᠶᠡᠷ ᠵᠠᠯᠠᠬᠤ ᠵᠠᠮ᠂ ᠬᠠᠰᠢᠯᠭ᠎ᠠ ᠶᠢᠨ ᠠᠶᠤᠯ ᠲᠠᠢ ᠪᠠᠷᠢᠯᠭ᠎ᠠ ᠶᠢᠨ ᠬᠡᠰᠡᠭ᠂ ᠳᠠᠯᠠᠩ ᠨᠡᠪᠲᠡᠯᠬᠦ ᠪᠠᠷᠢᠯᠭ᠎ᠠ᠂ ᠨᠦᠯᠦᠮᠡᠯ ᠭᠠᠵᠠᠷ ᠤᠨ ᠬᠠᠰᠢᠯᠭ᠎ᠠ ᠶᠢᠨ ᠤᠰᠤ ᠵᠠᠯᠠᠬᠤ ᠪᠠᠷᠢᠯᠭ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠪᠠᠷᠢᠯᠭ᠎ᠠ ᠨᠤᠭᠤᠳ ᠢ ᠪᠥᠬᠦ ᠲᠠᠯ᠎ᠠ ᠪᠠᠷ ᠪᠠᠶᠢᠴᠠᠭᠠᠵᠤ᠂ ᠭᠠᠮᠰᠢᠭ ᠢ ᠰᠡᠷᠭᠡᠶᠢᠯᠡᠬᠦ ᠪᠠᠷᠢᠯᠭ᠎ᠠ ᠶᠢᠨ ᠰᠠᠭᠤᠷᠢ ᠶᠢ ᠲᠦᠷᠭᠡᠳᠬᠡᠨ ᠪᠠᠬᠢᠵᠢᠭᠦᠯᠵᠦ᠂ ᠭᠤᠣᠯ ᠤᠨ ᠬᠡᠪᠡᠯᠢ ᠶᠢᠨ ᠦᠶᠡᠷ ᠵᠠᠯᠠᠬᠤ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠂ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠪᠠᠨ ᠴᠢᠩᠭᠠᠳᠬᠠᠵᠤ ᠪᠤᠢ᠃    ᠡᠭᠦᠨ ᠤ ᠬᠠᠮᠲᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠭᠠᠩ ᠤᠨ ᠪᠠᠶᠢᠳᠠᠯ ᠢ ᠨᠢᠭᠲᠠ ᠬᠢᠨᠠᠨ ᠠᠵᠢᠭᠯᠠᠵᠤ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠷᠢᠳᠴᠢᠯᠠᠨ ᠮᠡᠳᠡᠬᠦ ᠬᠤᠭᠤᠴᠠᠭ᠎ᠠ ᠶᠢ ᠣᠷᠳᠣᠣᠬᠠᠵᠤ ᠪᠠᠶᠢᠨ᠎ᠠ᠃ ᠪᠠᠶᠢᠭᠠᠯᠢ ᠶᠢᠨ ᠭᠠᠮᠰᠢᠭ ᠢ ᠰᠡᠷᠡᠮᠵᠢᠯᠡᠭᠦᠯᠬᠦ ᠲᠠᠪᠴᠠᠩ ᠢ ᠠᠰᠢᠭᠯᠠᠨ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ ᠤᠰᠤᠨ ᠴᠥᠭᠦᠷᠥᠮ᠂ ᠨᠦᠯᠦᠮᠡᠯ ᠭᠠᠵᠠᠷ ᠤᠨ ᠬᠠᠰᠢᠯᠭ᠎ᠠ ᠶᠢᠨ ᠰᠡᠷᠡᠮᠵᠢᠯᠡᠭᠦᠯᠦᠯ ᠢ ᠨᠡᠶᠢᠲᠡᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠭᠡᠷ ᠹᠷᠣᠨᠲ ᠤᠨ ᠬᠠᠷᠢᠭᠤᠴᠠᠯᠭᠠᠲᠠᠨ ᠳᠤ ᠲᠤ ᠰᠢᠭᠤᠳ ᠬᠦᠷᠭᠡᠨ᠎ᠡ᠃ ᠤᠰᠤᠨ ᠴᠥᠭᠦᠷᠥᠮ ᠤᠨ ᠪᠡᠷᠢᠮᠵᠢᠶᠠᠨ ᠠᠴᠠ ᠬᠡᠲᠦᠷᠡᠭᠰᠡᠨ ᠦᠶᠡᠷ ᠢ ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠪᠡᠯᠡᠳᠬᠡᠯ ᠲᠥᠰᠥᠯ ᠢ ᠴᠠᠭ ᠲᠤᠬᠠᠢ ᠳᠤ ᠨᠢ ᠲᠣᠬᠢᠷᠠᠭᠤᠯᠤᠨ ᠵᠠᠰᠠᠪᠤᠷᠢ ᠣᠷᠣᠭᠤᠯᠵᠤ᠂ ᠪᠡᠯᠡᠳᠬᠡᠯ ᠲᠥᠰᠥᠯ ᠤᠨ ᠴᠢᠭᠯᠡᠯᠲᠦ ᠴᠢᠨᠠᠷ ᠪᠠ ᠬᠡᠷᠡᠭᠵᠢᠭᠦᠯᠦᠭᠳᠡᠬᠦ᠋ᠢᠴᠡ ᠴᠢᠨᠠᠷ ᠢ ᠴᠢᠩᠭᠠᠳᠬᠠᠨ᠎ᠠ᠃ ᠣᠯᠠᠨ ᠰᠠᠯᠠᠭ᠎ᠠ ᠮᠥᠴᠢᠷ᠂ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠠᠳᠠᠯᠢ ᠪᠤᠰᠤ ᠰᠣᠷᠢᠯᠲᠠ ᠶᠢ ᠥᠷᠨᠢᠭᠦᠯᠵᠦ᠂ ᠠᠷᠭᠠᠴᠠᠬᠤ ᠴᠢᠳᠠᠪᠤᠷᠢ ᠪᠠᠨ ᠨᠡᠮᠡᠭᠳᠡᠭᠦᠯᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号