ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠠᠭ ᠢᠮᠠᠭᠲᠠ ᠰᠡᠳᠬᠢᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃ ᠭᠠᠩ ᠤᠨ ᠪᠠᠶᠢᠳᠠᠯ ᠢ ᠨᠢᠭᠲᠠ ᠠᠩᠬᠠᠷᠴᠤ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠬᠥᠮᠥᠨ ᠮᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠰᠠᠶᠢᠲᠤᠷ ᠪᠠᠲᠤᠯᠠᠵᠤ᠂ ᠭᠠᠩ ᠤᠨ ᠪᠠᠶᠢᠳᠠᠯ ᠤᠨ ᠨᠥᠯᠥᠭᠡ ᠪᠣᠯᠣᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ᠃ ᠣᠬᠤᠷ ᠬᠤᠭᠤᠴᠠᠭᠠᠨ ᠤ ᠰᠢᠷᠦᠭᠦᠨ ᠪᠣᠷᠣᠭᠠᠨ ᠠᠴᠠ ᠪᠣᠯᠤᠭᠰᠠᠨ ᠪᠠᠷᠢᠯᠭ᠎ᠠ ᠶᠢᠨ ᠭᠠᠵᠠᠷ᠂ ᠭᠤᠣᠯ ᠤᠨ ᠬᠡᠪᠡᠯᠢ᠂ ᠠᠭᠤᠯᠠᠨ ᠦᠶᠡᠷ ᠤᠨ ᠭᠤᠤ ᠰᠤᠪᠠᠭ᠂ ᠦᠯᠡᠳᠡᠭᠳᠡᠯ ᠠᠭᠤᠷᠬᠠᠢ ᠶᠢᠨ ᠬᠥᠮᠥᠷᠭᠡ ᠵᠡᠷᠭᠡ ᠭᠤᠣᠯᠳᠠᠯᠭ᠎ᠠ ᠲᠠᠢ ᠬᠡᠰᠡᠭ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠬᠦ ᠲᠠᠢ ᠤᠶᠠᠯᠳᠤᠭᠤᠯᠤᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠮᠡᠳᠡᠯᠭᠡ ᠪᠠ ᠠᠶᠤᠯ ᠲᠦᠭᠰᠢᠭᠦᠷᠢ ᠠᠴᠠ ᠵᠠᠶᠢᠯᠠᠬᠤ ᠮᠡᠷᠭᠡᠵᠢᠯ ᠴᠢᠳᠠᠪᠤᠷᠢ ᠶᠢ ᠥᠷᠭᠡᠨ ᠢᠶᠠᠷ ᠤᠬᠠᠭᠤᠯᠵᠤ᠂ ᠰᠡᠷᠭᠡᠶᠢᠯᠡᠨ ᠠᠷᠭᠠᠴᠠᠭᠠᠬᠤ ᠠᠵᠢᠯ ᠢ ᠪᠦᠲᠦᠮᠵᠢᠲᠡᠶ ᠰᠠᠶᠢᠲᠤᠷ ᠬᠢᠬᠦ ᠬᠡᠷᠡᠭᠲᠡᠢ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠦᠷᠢᠨᠰᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠥᠷᠥ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠠᠷᠪᠠ ᠶᠢ ᠲᠣᠳᠣᠷᠬᠠᠶᠢᠯᠠᠬᠤ︾ ᠶᠢᠨ ᠠᠭᠤᠯᠤᠭᠳᠠᠬᠤᠨ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠤᠯᠭᠠᠬᠤ ᠶᠢ ᠪᠠᠷᠢᠮᠲᠠᠯᠠᠵᠤ᠂ ᠨᠢᠭᠡ ᠨᠢᠭᠡ ᠪᠣᠳᠠᠲᠠᠢ ᠶᠠᠪᠤᠳᠠᠯ ᠠᠴᠠ ᠡᠬᠢᠯᠡᠨ ᠬᠢᠵᠦ᠂ ᠪᠦᠭᠦ ᠰᠡᠳᠬᠢᠯ ᠪᠦᠭᠦ ᠬᠦᠴᠦᠨ ᠢᠶᠠᠷ ᠢᠶᠠᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠠᠬᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠦᠴᠢᠷ ᠵᠣᠪᠠᠭᠤᠷᠢ ᠶᠢ ᠨᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ ᠥᠭᠴᠦ᠂ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠲᠠᠰᠤᠷᠠᠯᠲᠠ ᠦᠭᠡᠢ ᠨᠢᠭᠲᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠶᠡᠭᠡ ᠪᠦᠯᠬᠦᠮᠳᠡᠯ ᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠭᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠲᠦᠷᠭᠡᠳᠬᠡᠨ ᠬᠤᠪᠢᠷᠠᠭᠤᠯᠬᠤ ᠶᠢ ᠠᠬᠢᠭᠤᠯᠵᠤ᠂ ᠪᠡᠭᠡᠵᠢᠩ ᠤᠨ ᠬᠠᠪᠰᠤᠷᠤᠨ ᠲᠡᠳᠬᠦᠬᠦ ᠬᠦᠴᠦᠨ ᠢ ᠰᠠᠶᠢᠲᠤᠷ ᠬᠡᠷᠡᠭᠯᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ ᠰᠢᠰᠲ᠋ᠧᠮᠲᠦ ᠴᠢᠨᠠᠷᠲᠠᠢ ᠲᠥᠯᠦᠪᠵᠢᠭᠦᠯᠭᠡ ᠶᠢ ᠴᠢᠩᠭᠠᠳᠬᠠᠵᠤ᠂ ᠨᠡᠩ ᠤᠯᠠᠨ ᠬᠠᠮᠵᠢᠯᠴᠠᠭᠠᠨ ᠤ ᠦᠷ᠎ᠡ ᠪᠦᠲᠦᠭᠡᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠪᠡᠭᠡᠵᠢᠩ ᠠᠴᠠ ᠰᠣᠩᠭᠤᠨ ᠲᠣᠮᠢᠯᠠᠭᠰᠠᠨ ᠰᠢᠯᠢᠳᠡᠭ ᠴᠢᠳᠠᠪᠤᠷᠢᠲᠠᠨ ᠢ ᠬᠠᠯᠠᠮᠵᠢᠯᠠᠨ ᠬᠠᠶᠢᠷᠠᠯᠠᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠨᠡᠨ ᠰᠡᠳᠬᠢᠯ ᠠᠴᠠ ᠪᠠᠨ ᠰᠡᠳᠬᠢᠯ ᠲᠠᠯᠪᠢᠨ ᠰᠠᠶᠢᠲᠤᠷ ᠬᠢᠬᠦ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠰᠠᠶᠢᠲᠤᠷ ᠠᠳᠬᠤᠵᠤ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠ ᠬᠥᠭᠵᠢᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠬᠤ ᠪᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠦᠨᠳᠦᠰᠦᠲᠡᠨ ᠤ ᠠᠵᠢᠯ ᠪᠠ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠲᠡᠭᠦᠨ ᠢ ᠡᠯ᠎ᠡ ᠲᠠᠯ᠎ᠠ ᠳᠤ ᠳᠦᠷᠰᠦᠯᠢᠭ ᠰᠡᠳᠬᠢᠯᠭᠡ ᠲᠠᠢ ᠪᠦᠳᠦᠮᠵᠢᠳᠡᠢ ᠠᠭᠤᠰᠤᠯᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ︽ᠦᠨᠡᠨ︾ ᠰᠡᠳᠬᠦᠯ ᠤᠨ 2024 ᠣᠨ ᠤ 12 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠣᠳᠠᠲᠤ ᠪᠠᠶᠢᠳᠠᠯ ᠳᠤ ᠰᠠᠭᠤᠷᠢᠯᠠᠨ ᠴᠢᠨᠠᠷ ᠰᠠᠶᠢᠲᠠᠢ ᠬᠥᠭᠵᠢᠯᠲᠡ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠦᠷᠭᠡᠨ ᠦᠷ᠎ᠡ ᠪᠦᠲᠦᠮᠵᠢ ᠭᠠᠷᠭᠠᠵᠤ᠂ ᠣᠯᠠᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠠᠩ ᠰᠠᠶᠢᠲᠤᠷ ᠳᠠᠶᠢᠴᠢᠯᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠰᠢᠰᠲ᠋ᠧᠮ ᠤᠨ ᠬᠤᠷᠠᠮᠳᠤᠯ ᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠪᠦᠬᠦᠯᠢ ᠴᠣᠭᠴᠠ ᠶᠢᠨ ᠴᠢᠨᠠᠷᠲᠠᠢ ᠲᠥᠯᠦᠪᠵᠢᠭᠦᠯᠭᠡ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠳᠤ ᠴᠢᠩᠭ᠎ᠠ ᠲᠦᠰᠢᠭᠯᠡᠨ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠬᠡᠷᠡᠭᠲᠡᠢ᠃ ᠠᠷᠭ᠎ᠠ ᠪᠦᠭᠦᠨ ᠢ ᠰᠦᠪᠡᠭᠴᠢᠯᠡᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠭᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠤᠯᠭᠠᠵᠤ᠂ ᠠᠵᠢᠯ ᠢᠶᠠᠨ ᠪᠣᠳᠠᠲᠠᠢ ᠲᠤᠭᠤᠰᠢᠲᠠᠢ ᠬᠢᠵᠦ᠂ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠶᠢᠸᠠᠨ ᠯᠤᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ ᠬᠥᠭᠵᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号