ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/6/24
    ᠰᠤᠷᠪᠤᠯᠵᠢᠯᠠᠬᠴᠢ 6 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠭᠡ ᠬᠡᠯᠡᠪᠡ᠃    ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠠᠯᠢ ᠤᠯᠠᠨ ᠴᠢᠬᠤᠯᠠ ᠥᠭᠦᠯᠡᠯᠲᠡ ᠨᠡᠶᠢᠲᠡᠯᠡᠵᠦ᠂ ᠥᠪᠥᠷ ᠮᠣᠩᠭᠤᠯ ᠤᠨ ᠲᠤᠬᠠᠢ ᠤᠳᠠᠭ᠎ᠠ ᠪᠦᠷᠢ ᠶᠢᠨ ᠴᠢᠬᠤᠯᠠ ᠶᠠᠷᠢᠶᠠᠨ ᠳᠠᠭᠠᠨ ᠪᠠᠰᠠ ᠠᠯᠢ ᠤᠯᠠᠨ ᠴᠢᠬᠤᠯᠠ ᠱᠠᠭᠠᠷᠳᠠᠯᠭ᠎ᠠ ᠳᠤᠷᠠᠳᠴᠠᠢ᠃ ᠤᠳᠤᠷᠢᠳᠬᠤ ᠪᠠᠭ ᠤᠨ ᠪᠦᠷᠢᠯᠳᠦᠭᠦᠨ ᠨᠠᠷ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠢᠴᠢᠶᠡᠩᠭᠦᠢ ᠪᠣᠯᠭᠤᠮᠵᠢᠲᠠᠢ ᠪᠠᠶᠢᠵᠤ᠂ ᠪᠡᠶ᠎ᠡ ᠪᠠᠨ ᠭᠦᠨᠳᠦᠳᠭᠡᠵᠤ ᠪᠡᠶ᠎ᠡ ᠪᠠᠨ ᠲᠤᠩᠭᠠᠵᠤ᠂ ᠲᠦᠷᠦᠭᠦᠯᠡᠨ ᠨᠠᠷᠢᠨ ᠬᠢᠨᠠᠮᠠᠭᠠᠢ ᠪᠠᠷ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠣᠨᠣᠪᠴᠢᠲᠠᠢ ᠮᠡᠳᠡᠵᠤ᠂ ᠰᠠᠬᠢᠯᠭ᠎ᠠ ᠪᠠᠲᠤ ᠶᠢ ᠭᠦᠨᠵᠡᠭᠡᠢ ᠣᠶᠢᠯᠠᠭᠠᠵᠤ ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ᠃ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠪᠠᠷ ᠲᠣᠯᠢ ᠪᠤᠯᠭᠠᠵᠤ᠂ ᠵᠣᠬᠢᠶᠠᠨ ᠪᠠᠶᠢᠭᠤᠯᠤᠯᠲᠠ ᠶᠢᠨ ᠦᠵᠡᠯᠲᠡ᠂ ᠳᠡᠰ ᠳᠠᠷᠠᠭᠠᠯᠠᠯ ᠤᠨ ᠦᠵᠡᠯᠲᠡ ᠶᠢ ᠴᠢᠩᠭᠠᠳᠬᠠᠨ᠂ ᠵᠢᠭᠠᠪᠤᠷᠢ ᠠᠪᠴᠤ ᠮᠡᠳᠡᠭᠦᠯᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠳᠠᠭᠠᠨ ᠪᠠᠶᠢᠭ᠎ᠠ ᠨᠠᠢᠮᠠᠨ ᠴᠠᠭ ᠤᠨ ᠳᠣᠲᠣᠷ᠎ᠠ ᠢᠯᠡᠭᠦᠬᠡᠨ ᠰᠡᠳᠬᠢᠯ ᠲᠠᠯᠪᠢᠵᠤ᠂ ᠠᠵᠢᠯ ᠳᠠᠭᠠᠨ ᠪᠠᠶᠢᠭ᠎ᠠ ᠨᠠᠢᠮᠠᠨ ᠴᠠᠭ ᠠᠴᠠ ᠭᠠᠳᠠᠨ᠎ᠠ ᠢᠯᠡᠭᠦᠬᠡᠨ ᠬᠢᠴᠢᠶᠡᠨ ᠪᠣᠯᠭᠤᠮᠵᠢᠯᠠᠵᠤ᠂ ᠨᠣᠮᠣᠬᠠᠨ ᠰᠢᠳᠤᠷᠭᠤ ᠬᠥᠮᠥᠨ ᠪᠣᠯᠵᠤ᠂ ᠯᠠᠪᠳᠠᠭᠤᠨ ᠲᠣᠭᠲᠠᠭᠤᠨ ᠢᠶᠠᠷ ᠠᠵᠢᠯ ᠬᠢᠵᠦ᠂ ᠠᠷᠢᠭᠤᠨ ᠴᠢᠬᠡᠴᠢ ᠪᠠᠷ ᠳᠠᠷᠤᠭ᠎ᠠ ᠰᠠᠭᠤᠬᠤ ᠬᠡᠷᠡᠭᠲᠡᠢ ᠭᠡᠵᠡᠢ᠃    ᠲᠡᠷᠡ᠂ ᠰᠠᠬᠢᠯᠭ᠎ᠠ ᠪᠠᠲᠤ ᠶᠣᠰᠣ ᠳᠦᠷᠢᠮ ᠢ ᠳᠣᠲᠣᠭᠠᠳᠤ ᠬᠥᠭᠡᠭᠡᠴᠡᠯᠳᠦᠯ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠨᠴᠠᠭᠠᠶᠢᠯᠠᠨ ᠰᠦᠨ ᠱᠤᠤ ᠴᠧᠩ ᠱᠦᠵᠢ ᠶᠢᠨ ᠪᠦᠭᠦ ᠣᠷᠣᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠳᠡᠭᠡᠷ᠎ᠡ ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠵᠤ ᠵᠢᠭᠠᠵᠤ ᠭᠠᠷᠭᠠᠭᠰᠠᠨ 8 ᠲᠠᠯ᠎ᠠ ᠶᠢᠨ ᠠᠰᠠᠭᠤᠳᠠᠯ ᠲᠠᠢ ᠬᠠᠷᠭᠤᠭᠤᠯᠵᠤ᠂ ᠥᠪᠡᠷ ᠢ ᠪᠠᠨ ᠪᠠᠭᠲᠠᠭᠠᠨ ᠣᠷᠣᠭᠤᠯᠵᠤ᠂ ᠭᠦᠨᠵᠡᠭᠡᠢ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠵᠤ᠂ ᠪᠠᠭ᠎ᠠ ᠶᠠᠪᠤᠳᠠᠯ ᠵᠢᠵᠢᠭ ᠬᠡᠷᠡᠭ ᠠᠴᠠ ᠭᠠᠷᠳᠠᠨ ᠥᠪᠡᠷ ᠢ ᠪᠠᠨ ᠴᠢᠩᠳᠠᠯᠠᠵᠤ᠂ ᠬᠠᠤᠯᠢ ᠶᠣᠰᠣᠭᠠᠷ ᠡᠷᠬᠡ ᠪᠠᠨ ᠬᠡᠷᠡᠭᠯᠡᠵᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠪᠡ᠃    ᠲᠡᠷᠡ᠂ ᠴᠢᠩᠭ᠎ᠠ ᠰᠠᠬᠢᠯᠭ᠎ᠠ ᠪᠠᠲᠤ ᠪᠠ ᠶᠣᠰᠣ ᠳᠦᠷᠢᠮ ᠢᠶᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠪᠠᠲᠤᠯᠠᠵᠤ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠵᠣᠭᠰᠣᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠢᠶᠠᠨ ᠴᠢᠨᠠᠭᠰᠢᠳᠠ ᠰᠠᠶᠢᠲᠤᠷ ᠵᠣᠬᠢᠴᠠᠭᠤᠯᠵᠤ᠂ ᠡᠭᠦᠷᠭᠡ ᠪᠠᠨ ᠲᠦᠷᠭᠡᠨ ᠨᠠᠶᠢᠳᠠᠪᠤᠷᠢᠵᠢᠭᠤᠯᠵᠤ᠂ ᠪᠢᠴᠢᠭ ᠮᠠᠲ᠋ᠧᠷᠢᠶᠠᠯ ᠤᠨ ᠪᠣᠭᠤᠮᠲᠠ ᠶᠢ ᠨᠡᠩ ᠴᠢᠩᠭ᠎ᠠ ᠰᠠᠬᠢᠵᠤ᠂ ᠣᠨ ᠤ ᠬᠠᠷᠠᠯᠲᠠ ᠲᠠᠢ ᠬᠠᠷᠭᠤᠭᠤᠯᠤᠨ ᠳᠡᠭᠡᠷ᠎ᠡ ᠬᠠᠭᠠᠰ ᠵᠢᠯ ᠤᠨ ᠠᠵᠢᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠢ ᠨᠡᠩ ᠪᠣᠳᠠᠲᠠᠢ ᠨᠡᠩ ᠨᠠᠷᠢᠯᠢᠭ ᠰᠠᠶᠢᠲᠤᠷ ᠠᠳᠬᠤᠬᠤ ᠬᠡᠷᠡᠭᠲᠡᠢ᠃ ︽ᠤᠳᠠᠭᠠᠨ ᠪᠦᠳᠦᠭᠦᠯᠢᠭ ᠬᠡᠶᠢᠰᠪᠦᠷᠢ︾ ᠪᠠᠶᠢᠬᠤ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ᠂ ᠢᠯᠠᠩᠭᠤᠶ᠎ᠠ ︽ᠲᠦᠷᠭᠡᠨ︾ ᠪᠠᠶᠢᠬᠤ ᠶᠢ ᠰᠠᠬᠢᠯᠭ᠎ᠠ ᠪᠠᠲᠤ ᠶᠢᠨ ᠱᠠᠭᠠᠷᠳᠠᠯᠭ᠎ᠠ᠂ ᠠᠵᠢᠯ ᠤᠨ ᠪᠠᠷᠢᠮᠵᠢᠶ᠎ᠠ᠂ ᠠᠵᠢᠯ ᠤᠨ ᠳᠠᠳᠬᠠᠯ ᠪᠤᠯᠭᠠᠵᠤ᠂ ᠴᠠᠭ ᠮᠥᠴᠡ ᠲᠠᠢ ᠤᠷᠤᠯᠳᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠲᠡᠶᠢᠰᠢ ᠲᠦᠷᠭᠡᠨ ᠤᠷᠤᠭᠰᠢᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号