1 - 5 ᠳ᠋ᠤᠭᠠᠷ ᠰᠠᠷ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2024/6/25
     ᠶᠡᠷᠦᠩᠬᠡᠢ ᠪᠠᠶᠢᠳᠠᠯ      1 - 5 ᠳ᠋ᠤᠭᠠᠷ ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠪᠠᠭᠲᠠᠬᠤ ᠦᠭᠡᠢ︶᠎ ᠶᠢᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29.9% ᠎ ᠪᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 5.4 ᠵᠠᠭᠤᠨ ᠤ ᠨᠢᠭᠡᠴᠢ ᠥᠨᠳᠥᠷ ᠪᠣᠯᠪᠠ᠃     ︵ᠨᠢᠭᠡ︶ ᠲᠦᠷᠦᠯ ᠵᠦᠢᠯ ᠤᠨ ᠬᠤᠪᠢᠶᠠᠷᠢᠯᠠᠯ ᠠᠴᠠ ᠦᠵᠡᠪᠡᠯ      500 - 5000 ᠲᠦᠮᠡ ᠠᠴᠠ ᠳᠡᠭᠡᠭᠰᠢᠬᠢ ᠲᠥᠷᠥᠯ ᠵᠦᠢᠯ 58 ᠪᠠᠶᠢᠵᠤ᠂  ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 61.7%᠎ ᠪᠠᠷ ᠨᠡᠮᠡᠭᠳᠡᠪᠡ︔ 5000 ᠲᠦᠮᠡ ᠠᠴᠠ ᠳᠡᠭᠡᠭᠰᠢᠬᠢ ᠲᠥᠷᠥᠯ ᠵᠦᠢᠯ 41 ᠪᠠᠶᠢᠵᠤ᠂ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 11.5%᠎ ᠪᠠᠷ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 5 ᠪᠠᠶᠢᠵᠦ᠂ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 192.8%᠎ ᠢᠶᠠᠷ ᠨᠡᠮᠡᠭᠳᠡᠪᠡ᠃     ︵ᠬᠤᠶᠠᠷ︶ ᠠᠵᠤ ᠦᠢᠯᠡᠰ ᠤᠨ ᠪᠦᠲᠦᠴᠡ ᠠᠴᠠ ᠦᠵᠡᠪᠡᠯ      ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 89.7%᠎ ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢ 18.4 ᠵᠠᠭᠤᠨ ᠤ ᠨᠢᠭᠡᠴᠢ ᠳᠡᠭᠡᠭᠰᠢ ᠳᠠᠳᠠᠵᠠᠢ︔ ᠬᠤᠶᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.1%᠎ ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ 17 ᠵᠠᠭᠤᠨ ᠤ ᠨᠢᠭᠡᠴᠢ ᠪᠠᠭᠤᠷᠠᠭᠤᠯᠪᠠ︔ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 167.3%᠎ ᠪᠠᠷ ᠨᠡᠮᠡᠭᠳᠡᠵᠦ᠂  ᠪᠥᠬᠦ ᠪᠡᠯᠡ ᠣᠷᠣᠭᠤᠯᠤᠯᠲᠠ ᠶᠢ 28.5 ᠵᠠᠭᠤᠨ ᠤ ᠨᠢᠭᠡᠴᠢ ᠳᠡᠭᠡᠭᠰᠢ ᠳᠠᠳᠠᠪᠠ᠃     ︵ᠭᠤᠷᠪᠠ︶ ᠭᠤᠷᠪᠠᠨ ᠶᠡᠭᠡ ᠬᠦᠷᠢᠶ᠎ᠡ ᠬᠡᠪᠴᠢᠶᠡᠨ ᠤ ᠲᠠᠯ᠎ᠠ ᠠᠴᠠ ᠠᠪᠴᠤ ᠦᠵᠡᠪᠡᠯ      ᠦᠢᠯᠡᠳᠬᠦ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.2%᠎ ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 192.8% ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 60.8%᠎ ᠪᠠᠷ ᠪᠠᠭᠤᠷᠠᠵᠤ᠂ ᠪᠦᠬᠦ ᠪᠡᠯᠡ ᠣᠷᠣᠭᠤᠯᠤᠯᠲᠠ ᠶᠢ 30.9 ᠵᠠᠭᠤᠨ ᠤ ᠨᠢᠭᠡᠴᠢ ᠳᠣᠷᠣᠭᠰᠢᠯᠠᠭᠤᠯᠪᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号