︽ᠬᠠᠮᠲᠤ ᠶᠢᠨ ᠴᠣᠭᠴᠠ ᠶᠢ ᠪᠠᠲᠤ ᠴᠣᠭᠴᠠᠯᠠᠵᠤ ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/25
    24 ᠤ ᠡᠳᠦᠷ᠂ ᠲᠥᠪ ᠤᠨ ᠤᠬᠠᠭᠤᠯᠬᠤ ᠬᠡᠯᠲᠡᠰ ᠠᠴᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠲᠠᠢ ᠬᠠᠮᠲᠤᠷᠠᠨ ᠥᠷᠨᠢᠭᠦᠯᠦᠭᠰᠡᠨ ︽ᠬᠠᠮᠲᠤ ᠶᠢᠨ ᠴᠣᠭᠴᠠ ᠶᠢ ᠪᠠᠲᠤ ᠴᠣᠭᠴᠠᠯᠠᠵᠤ ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠤᠯᠠᠭᠠᠨᠬᠤᠲᠠ ᠳᠤ ᠵᠢᠩᠬᠢᠨᠢ ᠪᠠᠷ ᠡᠬᠢᠯᠡᠪᠡ᠃ ᠲᠥᠪ ᠤᠨ ᠪᠠ ᠬᠡᠰᠡᠭ ᠭᠠᠵᠠᠷ ᠣᠷᠣᠨ ᠤ ᠭᠤᠣᠯ ᠪᠤᠯᠬᠤ ᠰᠣᠨᠢᠨ ᠮᠡᠳᠡᠭᠡᠨ ᠤ ᠵᠠᠭᠤᠴᠢᠯᠠᠭᠤᠷ᠂ ᠬᠡᠰᠡᠭ ᠠᠵᠢᠯ ᠲᠥᠷᠥᠯ ᠤᠨ ᠵᠠᠭᠤᠴᠢᠯᠠᠭᠤᠷ ᠤᠨ ᠨᠠᠶᠢᠷᠠᠭᠤᠯᠤᠭᠴᠢ ᠰᠤᠷᠪᠤᠯᠵᠢᠯᠠᠬᠴᠢ ᠶᠢᠨ ᠲᠥᠯᠥᠭᠡᠯᠡᠭᠴᠢ 120 ᠭᠠᠷᠤᠢ ᠬᠥᠮᠥᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠤᠰ ᠤᠳᠠᠭ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠥᠪᠥᠷ ᠮᠣᠩᠭᠤᠯ᠂ ᠭᠤᠸᠠᠩᠰᠢ᠂ ᠲᠥᠪᠡᠳ᠂ ᠨᠢᠩᠰᠢᠶᠠ᠂ ᠰᠢᠨᠵᠢᠶᠠᠩ ᠵᠡᠷᠭᠡ ᠭᠠᠵᠠᠷ ᠲᠤ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠭᠰᠠᠨ ᠠᠮᠢᠳᠤᠯᠢᠭ ᠦᠢᠯᠡᠳᠦᠯᠭᠡ ᠪᠠ ᠰᠢᠨ᠎ᠡ ᠶᠢ ᠡᠭᠦᠳᠦᠭᠰᠡᠨ ᠲᠤᠷᠰᠢᠯᠭ᠎ᠠ ᠶᠢ ᠤᠯᠠᠨ ᠬᠠᠷᠠᠭᠠᠰᠤ᠂ ᠪᠦᠭᠦ ᠲᠠᠯ᠎ᠠ ᠪᠠᠷ ᠮᠡᠳᠡᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠭᠰᠠᠨ ᠣᠨᠴᠠᠯᠢᠭᠲᠤ ᠠᠷᠭ᠎ᠠ ᠬᠡᠮᠵᠢᠶ᠎ᠡ ᠪᠠ ᠨᠡᠶᠢᠲᠡᠯᠢᠭ ᠵᠢᠱᠢᠶ᠎ᠡ ᠶᠢ ᠭᠦᠨᠵᠡᠭᠡᠢ ᠮᠡᠳᠡᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠯᠣᠭᠢᠭ᠂ ᠲᠡᠦᠬᠡ ᠶᠢᠨ ᠯᠣᠭᠢᠭ ᠪᠠ ᠪᠣᠳᠠᠲᠤ ᠠᠬᠤᠢ ᠶᠢᠨ ᠯᠣᠭᠢᠭ ᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠪᠦᠭᠦ ᠲᠠᠯ᠎ᠠ ᠪᠠᠷ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠪᠣᠯᠣᠨ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠶᠡᠭᠡ ᠪᠠᠷ ᠤᠬᠠᠭᠤᠯᠬᠤ ᠪᠣᠯᠣᠨ᠎ᠠ᠃    ᠡᠭᠢᠯᠡᠯᠳᠡ ᠶᠢᠨ ᠶᠣᠰᠣᠯᠠᠯ ᠤᠨ ᠳᠠᠷᠠᠭ᠎ᠠ ᠡᠯ᠎ᠡ ᠵᠠᠭᠤᠴᠢᠯᠠᠭᠤᠷ ᠤᠨ ᠬᠢᠨ ᠪᠦᠯᠦᠭ ᠬᠤᠪᠢᠶᠠᠨ ᠡᠯ᠎ᠡ ᠭᠠᠵᠠᠷ ᠲᠤ ᠬᠦᠷᠴᠦ ᠪᠠᠶᠢᠴᠠᠭᠠᠨ ᠰᠤᠳᠤᠯᠵᠤ ᠰᠣᠷᠪᠤᠯᠵᠢᠯᠠᠭ᠎ᠠ ᠬᠢᠵᠦ᠂ ᠴᠢᠬᠤᠯᠠ ᠨᠢᠭᠤᠷ ᠬᠡᠪᠯᠡᠯ᠂ ᠨᠡᠪᠲᠡᠷᠡᠭᠦᠯᠬᠦ ᠴᠠᠭ ᠪᠠ ᠬᠠᠷᠢᠶ᠎ᠠ ᠰᠦᠯᠵᠢᠶ᠎ᠡ᠂ ᠰᠢᠨ᠎ᠡ ᠵᠠᠭᠤᠴᠢᠯᠠᠭᠤᠷ ᠤᠨ ᠲᠠᠪᠴᠠᠩ ᠳᠡᠭᠡᠷ᠎ᠡ ︽ᠬᠠᠮᠲᠤ ᠶᠢᠨ ᠴᠣᠭᠴᠠ ᠶᠢ ᠪᠠᠲᠤ ᠴᠣᠭᠴᠠᠯᠠᠵᠤ ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ︾ ᠭᠡᠬᠦ ᠲᠤᠰᠬᠠᠢ ᠰᠡᠳᠦᠪᠲᠦ ᠪᠤᠯᠤᠩ ᠢ ᠨᠢᠭᠡᠳᠦᠯᠲᠡᠢ ᠨᠡᠭᠡᠭᠡᠵᠦ᠂ ᠬᠠᠮ ᠵᠠᠭᠤᠴᠢᠯᠠᠭᠤᠷ ᠤᠨ ᠮᠡᠳᠡᠭᠡᠯᠡᠯ ᠢ ᠦᠷᠭᠦᠯᠵᠢᠯᠡᠨ ᠨᠡᠶᠢᠲᠡᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠪᠠᠨ ᠪᠠᠲᠤᠳᠬᠠᠬᠤ ᠶᠢ ᠠᠬᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢ ᠠᠬᠢᠭᠤᠯᠬᠤ ᠳᠤ ᠠᠤᠭ᠎ᠠ ᠬᠦᠴᠦᠨ ᠢ ᠨᠢᠭᠲᠠᠷᠠᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号