ᠶᠡᠷᠦᠩᠬᠡᠢ ᠪᠠᠶᠢᠳᠠᠯ | 1 - 5 ᠳ᠋ᠤᠭᠠᠷ ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ | ᠪᠠᠭᠲᠠᠬᠤ ᠦᠭᠡᠢ︶ ᠶᠢᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29.9% | ᠪᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 5.4 ᠵᠠᠭᠤᠨ ᠤ ᠨᠢᠭᠡᠴᠢ ᠥᠨᠳᠥᠷ | ᠪᠣᠯᠪᠠ᠃ | ︵ᠨᠢᠭᠡ︶ ᠲᠦᠷᠦᠯ ᠵᠦᠢᠯ ᠤᠨ ᠬᠤᠪᠢᠶᠠᠷᠢᠯᠠᠯ ᠠᠴᠠ ᠦᠵᠡᠪᠡᠯ | 500 - 5000 ᠲᠦᠮᠡ ᠠᠴᠠ ᠳᠡᠭᠡᠭᠰᠢᠬᠢ ᠲᠥᠷᠥᠯ ᠵᠦᠢᠯ 58 ᠪᠠᠶᠢᠵᠤ᠂ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 61.7% ᠪᠠᠷ ᠨᠡᠮᠡᠭᠳᠡᠪᠡ︔ 5000 ᠲᠦᠮᠡ ᠠᠴᠠ | ᠳᠡᠭᠡᠭᠰᠢᠬᠢ ᠲᠥᠷᠥᠯ ᠵᠦᠢᠯ 41 ᠪᠠᠶᠢᠵᠤ᠂ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 11. | 5% ᠪᠠᠷ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 5 ᠪᠠᠶᠢᠵᠦ᠂ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 192.8% ᠢᠶᠠᠷ ᠨᠡᠮᠡᠭᠳᠡᠪᠡ᠃ | ︵ᠬᠤᠶᠠᠷ︶ ᠠᠵᠤ ᠦᠢᠯᠡᠰ ᠤᠨ ᠪᠦᠲᠦᠴᠡ ᠠᠴᠠ ᠦᠵᠡᠪᠡᠯ | ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 89.7% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢ 18.4 ᠵᠠᠭᠤᠨ ᠤ | ᠨᠢᠭᠡᠴᠢ ᠳᠡᠭᠡᠭᠰᠢ ᠳᠠᠳᠠᠵᠠᠢ︔ ᠬᠤᠶᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.1% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ | 17 ᠵᠠᠭᠤᠨ ᠤ ᠨᠢᠭᠡᠴᠢ ᠪᠠᠭᠤᠷᠠᠭᠤᠯᠪᠠ︔ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 167.3% ᠪᠠᠷ ᠨᠡᠮᠡᠭᠳᠡᠵᠦ᠂ ᠪᠥᠬᠦ ᠪᠡᠯᠡ | ᠣᠷᠣᠭᠤᠯᠤᠯᠲᠠ ᠶᠢ 28.5 ᠵᠠᠭᠤᠨ ᠤ ᠨᠢᠭᠡᠴᠢ ᠳᠡᠭᠡᠭᠰᠢ ᠳᠠᠳᠠᠪᠠ᠃ | ︵ᠭᠤᠷᠪᠠ︶ ᠭᠤᠷᠪᠠᠨ ᠶᠡᠭᠡ ᠬᠦᠷᠢᠶ᠎ᠡ ᠬᠡᠪᠴᠢᠶᠡᠨ ᠤ ᠲᠠᠯ᠎ᠠ ᠠᠴᠠ ᠠᠪᠴᠤ ᠦᠵᠡᠪᠡᠯ | ᠦᠢᠯᠡᠳᠬᠦ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 16.2% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠬᠦ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 192.8% | ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠶᠡᠯᠡᠭᠦᠯᠦᠭᠰᠡᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 60.8% ᠪᠠᠷ ᠪᠠᠭᠤᠷᠠᠵᠤ᠂ ᠪᠦᠬᠦ ᠪᠡᠯᠡ | ᠣᠷᠣᠭᠤᠯᠤᠯᠲᠠ ᠶᠢ 30.9 ᠵᠠᠭᠤᠨ ᠤ ᠨᠢᠭᠡᠴᠢ ᠳᠣᠷᠣᠭᠰᠢᠯᠠᠭᠤᠯᠪᠠ᠃ |