ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠤᠭᠠᠲᠤ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠥᠬᠦᠳᠡ ᠬᠤᠷᠠᠯᠳᠤᠭᠠᠨ ᠡᠬᠢᠯᠡᠪᠡ ᠯᠢ ᠢᠦᠢ ᠭᠠᠩ ᠶᠠᠷᠢᠶ᠎ᠠ ᠲᠠᠯᠪᠢᠵᠤ ᠦ᠋ ᠶᠠᠨ ᠭᠠᠩ ᠪᠣᠣ ᠰᠢᠶᠠᠨ ᠬᠤᠸᠠ ᠶᠠᠩ ᠵᠢᠶᠧ ᠨᠠᠷ ᠣᠷᠣᠯᠴᠠᠪᠠ
ᠨᠡᠶᠢᠲᠡᠯᠡᠭᠰᠡᠨ ᠴᠠᠭ᠄
2024/6/27
    6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠣᠭᠠᠲᠤ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠥᠬᠦᠳᠡ ᠬᠤᠷᠠᠯᠳᠤᠭᠠᠨ ᠪᠠ ᠰᠤᠷᠤᠭᠴᠢᠳ ᠤᠨ ᠬᠤᠯᠪᠣᠭᠠᠲᠤ ᠬᠤᠷᠠᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠶᠠᠨ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ᠂ ᠡᠯ᠎ᠡ ᠱᠠᠲᠤᠨ ᠤ ᠵᠠᠯᠠᠭᠤᠴᠤᠳ ᠤᠨ ᠬᠤᠯᠪᠤᠭᠠᠲᠤ ᠬᠤᠷᠠᠯ ᠪᠠ ᠰᠤᠷᠤᠭᠴᠢᠳ ᠤᠨ ᠬᠤᠯᠪᠤᠭᠠᠲᠤ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠵᠠᠯᠠᠭᠤᠴᠤᠳ ᠤᠨ ᠬᠠᠭᠤᠳᠠᠰᠤ︾ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠠᠭᠠᠤ ᠠᠵᠢᠯ ᠢᠶᠠᠨ ᠥᠷᠨᠢᠭᠦᠯᠬᠦ ᠬᠡᠷᠡᠭᠲᠡᠢ᠂ ᠥᠷᠭᠡᠨ ᠤᠯᠠᠨ ᠵᠠᠯᠠᠭᠤᠴᠤᠳ ᠬᠢᠭᠡᠳ ᠵᠠᠯᠠᠭᠤ ᠰᠤᠷᠤᠭᠴᠢᠳ ᠬᠦᠰᠡᠯ ᠢᠲᠡᠭᠡᠯ ᠢᠶᠠᠨ ᠪᠠᠲᠤᠳᠬᠠᠵᠤ᠂ ᠭᠤᠣᠯ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠢᠮᠠᠭᠲᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠲᠡᠮᠡᠴᠡᠭᠴᠢ ᠪᠣᠯᠬᠤ ᠬᠡᠷᠡᠭᠲᠡᠢ ᠬᠡᠮᠡᠨ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号