2024 ᠣᠨ ᠤ ︽6 · 26︾ ᠣᠯᠠᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠡᠳᠦᠷ ᠤᠨ ᠥᠪᠥᠷ ᠮᠣᠩᠭᠤᠯ ᠤᠨ ᠬᠤᠣᠷᠲᠤ ᠡᠳ᠋ ᠢ ᠴᠠᠭᠠᠵᠠᠯᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠵᠠᠢ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 25 ᠤ ᠣᠷᠣᠢ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠰᠢᠨ᠎ᠡ ᠠᠶᠠᠨ ᠵᠠᠮ ᠳᠤ ᠭᠠᠷ ᠬᠤᠯᠪᠣᠨ ᠰᠢᠨ᠎ᠡ ᠴᠠᠭ ᠦᠶ᠎ᠡ ᠶᠢᠨ ᠬᠤᠣᠷᠲᠤ ᠡᠳ᠋ ᠦᠭᠡᠢ ᠤᠮᠠᠷᠠᠲᠤ ᠬᠢᠯᠢ ᠶᠢ ᠬᠠᠮᠲᠤ ᠪᠠᠷ ᠴᠣᠭᠴᠠᠯᠠᠶ᠎ᠠ︾ 2024 ᠣᠨ ᠤ ︽6 · 26︾ ᠤᠯᠠᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠡᠳᠦᠷ ᠤᠨ ᠥᠪᠥᠷ ᠮᠣᠩᠭᠤᠯ ᠤᠨ ᠬᠤᠣᠷᠲᠤ ᠡᠳ᠋ ᠢ ᠴᠠᠭᠠᠵᠠᠯᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠭᠦᠭᠡᠬᠤᠲᠠ ᠳᠤ ᠶᠠᠪᠤᠭᠳᠠᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠬᠤᠣᠷᠲᠤ ᠡᠳ᠋ ᠢ ᠴᠠᠭᠠᠵᠠᠯᠠᠬᠤ ᠵᠥᠪᠯᠡᠯ ᠤᠨ ᠡᠷᠭᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠠᠵᠢᠯᠯᠠᠭ᠎ᠠ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃    ᠠᠵᠢᠯᠯᠠᠭ᠎ᠠ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠤᠣᠷᠲᠤ ᠡᠳ᠋ ᠢ ᠴᠠᠭᠠᠵᠠᠯᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠦᠭᠦ ᠨᠡᠶᠢᠭᠡᠮ ᠤᠨ ᠬᠦᠴᠦᠨ ᠢ ᠨᠢᠭᠲᠠᠷᠠᠭᠤᠯᠵᠤ ᠬᠤᠣᠷᠲᠤ ᠡᠳ᠋ ᠤᠨ ᠠᠰᠠᠭᠤᠳᠠᠯ ᠳᠠᠭᠢᠨ ᠡᠭᠦᠰᠴᠦ ᠳᠡᠯᠭᠡᠷᠡᠬᠦ ᠶᠢ ᠬᠤᠷᠢᠭᠯᠠᠬᠤ ᠭᠡᠷᠡᠭᠲᠡᠶ︔ ᠤᠯᠤᠰ ᠪᠠ ᠦᠨᠳᠦᠰᠦᠲᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠣᠷᠲᠤ ᠡᠳ᠋ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠬᠤᠣᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠰᠢᠨ᠎ᠡ ᠴᠠᠭ ᠦᠶ᠎ᠡ ᠶᠢᠨ ᠬᠤᠣᠷᠲᠤ ᠡᠳ᠋ ᠢ ᠴᠠᠭᠠᠵᠠᠯᠠᠬᠤ ᠠᠷᠠᠳ ᠤᠨ ᠲᠡᠶᠢᠨ ᠤ ᠢᠯᠠᠯᠲᠠ ᠶᠢ ᠡᠷᠡᠰ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号