ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠨᠡᠷᠡᠰ ᠢ ᠨᠡᠶᠢᠲᠡᠯᠡᠪᠡ ᠥᠪᠥᠷ ᠮᠣᠩᠭᠤᠯ ᠤᠨ 10 ᠨᠢᠭᠡᠴᠢ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/6/5
    ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ 2023 ᠣᠨ ᠤ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠲᠦᠰᠦᠯ ᠳᠤ ᠳᠠᠩᠰᠠᠯᠠᠭᠤᠯᠤᠭᠰᠠᠨ ᠨᠢᠭᠡᠴᠢ ᠨᠦᠭᠦᠳ ᠤᠨ ᠨᠡᠷᠡᠰ ᠢ ᠨᠡᠶᠢᠲᠡᠯᠡᠪᠡ᠃ ᠡᠭᠦᠨ ᠳᠤ᠂ ᠥᠪᠥᠷ ᠮᠣᠩᠭᠤᠯ ᠤᠨ 5 ᠨᠢᠭᠡᠴᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠵᠤ᠂ 5 ᠨᠢᠭᠡᠴᠢ ᠤᠯᠤᠰ ᠤᠨ ᠲᠠᠰ ᠤᠨ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠵᠠᠢ᠃    ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢᠴᠠᠭᠠᠲᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠪᠠᠷᠢᠯᠭ᠎ᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠪᠠᠶᠠᠨᠨᠠᠭᠤᠷ ᠬᠤᠲᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠣᠯᠤᠨ᠎ᠠ᠃    ᠤᠯᠤᠰ ᠤᠨ ᠲᠠᠰ ᠤᠨ ᠤᠷ᠎ᠠ ᠮᠡᠷᠭᠡᠰᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠰᠠᠨᠰᠠᠷ ᠠᠶᠠᠯᠠᠯ ᠤᠨ ᠬᠤᠩ ᠭᠠᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠧᠩ ᠴᠤᠤ ᠶᠠᠩ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠠᠨ ᠸᠧᠨ ᠯᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠬᠢᠩᠭᠠᠨ ᠠᠶᠢᠮᠠᠭ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠶᠢᠨ ᠯᠠᠨ ᠫᠧᠩ ᠹᠦ᠋ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠮᠦᠩᠭᠦᠨᠬᠤᠸᠠᠷ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠣᠶᠣᠬᠤ ᠬᠡᠯᠲᠡᠰ ᠤᠨ ᠮᠦᠩᠭᠦᠨᠬᠤᠸᠠᠷ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠶ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠪᠣᠯᠤᠨ᠎ᠠ᠃    ᠣᠳᠣᠬᠠᠨ ᠳᠤ᠂ ᠥᠪᠥᠷ ᠮᠣᠩᠭᠤᠯ ᠳᠠᠬᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠨᠡᠶᠢᠲᠡ 29᠂ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠨᠡᠶᠢᠲᠡ 50 ᠪᠠᠶᠢᠵᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠬᠦ ᠳᠤ ᠬᠦᠴᠦᠲᠡᠶ ᠲᠤᠰᠠᠯᠠᠮᠵᠢ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号