ᠯᠢᠨᠰᠢ ᠰᠢᠶᠠᠨ ᠤ ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ ᠬᠠᠤᠯᠢ ᠶᠣᠰᠣᠭᠠᠷ ᠵᠠᠮ ᠳᠤ ᠭᠠᠷᠬᠤ ᠲᠠᠢ ᠬᠤᠯᠪᠣᠭᠳᠠᠬᠤ ᠬᠠᠮᠢᠶ᠎ᠠ ᠪᠦᠬᠦᠢ ᠲᠣᠭᠲᠠᠭᠠᠯ ᠤᠨ ᠲᠣᠬᠠᠢ ᠳᠦᠭᠦᠮ ᠲᠠᠶᠢᠯᠣᠮᠵᠢ
ᠨᠡᠶᠢᠲᠡᠯᠡᠭᠰᠡᠨ ᠴᠠᠭ᠄
2024/7/1
      ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠ ᠴᠠᠬᠢᠯᠭᠠᠨ ᠬᠥᠳᠡᠯᠭᠡᠭᠦᠷᠲᠦ ︵ᠬᠦᠩᠭᠡᠠ︶ ᠮᠣᠲ᠋ᠣᠷ ᠲᠡᠷᠭᠡ ᠶᠠᠮᠠᠷ ᠶᠠᠮᠠᠷ ᠠᠳᠠᠯᠢ ᠪᠤᠰᠤ ᠲᠣᠭᠲᠠᠭᠠᠯ ᠲᠠᠢ ᠪᠤᠢ︖      1.  ᠣᠨᠣᠬᠤ ᠬᠢᠷᠢ ᠬᠡᠮ ᠨᠢ ᠠᠳᠠᠯᠢ ᠪᠤᠰᠤ      ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠄ ᠵᠢᠯᠣᠭᠤᠴᠢ ᠶᠢᠨ ᠦᠨᠡᠮᠯᠡᠯ ᠬᠡᠷᠡᠭᠰᠡᠬᠦ ᠥᠬᠡᠶ᠂ ᠵᠠᠮ ᠳᠡᠭᠡᠷ᠎ᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠣᠨᠣᠬᠤ ᠳᠤ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠰᠡᠨ ᠪᠠᠶᠢᠬᠤ ᠬᠡᠷᠡᠭᠲᠡᠶ︔      ᠴᠠᠬᠢᠯᠭᠠᠨ ᠬᠦᠩᠭᠡᠠ ᠮᠣᠲ᠋ᠣᠷ ᠲᠡᠷᠭᠡ᠄ F ᠦᠨᠡᠮᠯᠡᠯ᠂ E ᠦᠨᠡᠮᠯᠡᠯ᠂ D ᠦᠨᠡᠮᠯᠡᠯ ᠪᠠᠶᠢᠬᠤ ᠬᠡᠷᠡᠭᠲᠡᠢ︔      ᠴᠠᠬᠢᠯᠭᠠᠨ ᠮᠣᠲ᠋ᠣᠷ ᠲᠡᠷᠭᠡ᠄ E ᠦᠨᠡᠮᠯᠡᠯ᠂ D ᠦᠨᠡᠮᠯᠡᠯ ᠪᠠᠶᠢᠬᠤ ᠬᠡᠷᠡᠭᠲᠡᠢ᠃      2. ᠶᠠᠪᠤᠬᠤ ᠵᠠᠮ ᠤᠨ ᠡᠷᠬᠡ ᠨᠢ ᠠᠳᠠᠯᠢ ᠦᠭᠡᠢ      ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠄ ᠮᠠᠰᠢᠨᠲᠤ ᠪᠤᠰᠤ ᠲᠡᠷᠭᠡᠨ ᠵᠠᠮ ᠢᠶᠠᠷ ᠶᠠᠪᠤᠬᠤ ᠬᠡᠷᠡᠭᠲᠡᠶ︔ ᠮᠠᠰᠢᠨᠲᠤ ᠪᠤᠰᠤ ᠲᠡᠷᠭᠡᠨ ᠤ ᠵᠠᠮ ᠪᠠᠶᠢᠬᠤ ᠦᠬᠡᠢ ᠵᠠᠮ ᠢᠶᠠᠷ ᠶᠠᠪᠤᠬᠤ ᠳᠠᠭᠠᠨ ᠮᠠᠰᠢᠨ ᠲᠡᠷᠭᠡᠨ ᠤ ᠵᠠᠮ ᠤᠨ ᠪᠠᠷᠠᠭᠤᠨ ᠲᠠᠯ᠎ᠠ ᠶᠢ ᠲᠠᠭᠠᠨ ᠶᠠᠪᠤᠬᠤ ᠬᠡᠷᠡᠭᠲᠡᠶ᠃      ᠴᠠᠬᠢᠯᠭᠠᠨ ᠬᠥᠳᠡᠯᠭᠡᠭᠦᠷᠲᠦ ︵ᠬᠥᠩᠭᠡᠨ︶ ᠮᠣᠲ᠋ᠣᠷ ᠲᠡᠷᠭᠡ᠄ ᠮᠠᠰᠢᠨᠲᠤ ᠲᠡᠷᠭᠡᠨ ᠤ ᠵᠠᠮ ᠤᠨ ᠬᠠᠮᠤᠭ ᠤᠨ ᠪᠠᠷᠠᠭᠤᠨ ᠲᠠᠯ᠎ᠠ ᠶᠢᠨ ᠲᠡᠷᠭᠡᠨ ᠵᠠᠮ ᠢᠶᠠᠷ ᠶᠠᠪᠤᠨ᠎ᠠ᠃      3. ᠬᠤᠳᠠᠯᠳᠤᠨ ᠠᠪᠬᠤ ᠳᠠᠭᠠᠳᠬᠠᠯ ᠨᠢ ᠠᠳᠠᠯᠢ ᠪᠤᠰᠤ      ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠄ ᠮᠠᠰᠢᠨᠲᠤ ᠪᠤᠰᠤ ᠲᠡᠷᠭᠡᠨ ᠳᠤ ᠲᠣᠭᠠᠴᠠᠭᠳᠠᠪᠠᠯ᠂ ᠬᠡᠷᠡᠭᠴᠡᠭᠡ ᠪᠠᠨ ᠦᠨᠳᠦᠰᠦᠯᠡᠨ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ᠂ ᠵᠢᠯᠣᠭᠤᠴᠢ ᠶᠢᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠵᠡᠷᠭᠡ ᠢ ᠬᠤᠳᠠᠯᠳᠤᠨ ᠠᠪᠴᠤ ᠪᠣᠯᠤᠨ᠎ᠠ᠃      ᠴᠠᠬᠢᠯᠭᠠᠨ ᠬᠥᠳᠡᠯᠭᠡᠭᠦᠷᠲᠦ ︵ᠬᠥᠩᠭᠡᠨ︶ ᠮᠣᠲ᠋ᠣᠷ ᠲᠡᠷᠭᠡ᠄ ᠮᠠᠰᠢᠨᠲᠤ ᠲᠡᠷᠭᠡᠨ ᠳᠤ ᠬᠠᠷᠢᠶᠠᠯᠠᠭᠳᠠᠨ᠎ᠠ᠂ ᠵᠠᠮ ᠳᠤ ᠭᠠᠷᠬᠤ ᠳᠤ ᠡᠷᠬᠡᠪᠰᠢ ᠮᠠᠰᠢᠨᠲᠤ ᠲᠡᠷᠭᠡᠨ ᠤ ᠵᠠᠮ ᠬᠠᠷᠢᠯᠴᠠᠭᠠᠨ ᠤ ᠠᠯᠪᠠᠳᠠᠯᠭ᠎ᠠ ᠶᠢᠨ ᠳᠠᠭᠠᠳᠬᠠᠯ ᠬᠤᠳᠠᠯᠳᠤᠨ ᠠᠪᠬᠤ ᠬᠡᠷᠡᠭᠲᠡᠶ᠃      4. ᠬᠥᠮᠦᠨ ᠠᠴᠢᠬᠤ ᠲᠣᠭᠲᠠᠭᠠᠯ ᠨᠢ ᠠᠳᠠᠯᠢ ᠪᠤᠰᠤ      ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠄ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠪᠦᠬᠦᠯᠢ ᠠᠷᠪᠠᠨ ᠵᠢᠷᠭᠤᠭᠠᠨ ᠨᠠᠰᠤᠨ ᠠᠴᠠ ᠳᠣᠷᠣᠭᠰᠢᠬᠢ ᠨᠠᠰᠤᠨ ᠳᠤ ᠤᠢᠯᠦ ᠬᠦᠷᠦᠭᠰᠡᠦᠠ ᠨᠢᠭᠡ ᠯᠡ ᠬᠦᠮᠦᠨ ᠰᠠᠭᠤᠯᠭᠠᠵᠤ ᠪᠣᠯᠤᠨ᠎ᠠ᠃      ᠴᠠᠬᠢᠯᠭᠠᠨ ᠬᠥᠩᠭᠡᠨ ᠮᠣᠲ᠋ᠣᠷ ᠲᠡᠷᠭᠡ᠄ ᠬᠥᠮᠦᠨ ᠠᠴᠢᠵᠤ ᠪᠣᠯᠬᠤ ᠦᠭᠡᠢ᠃      ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ᠄ ᠵᠢᠯᠣᠭᠤᠴᠢ ᠠᠴᠠ ᠭᠠᠳᠠᠨ᠎ᠠ᠂ ᠲᠣᠭᠲᠠᠮᠠᠯ ᠰᠠᠭᠤᠳᠠᠯ ᠲᠠᠢ ᠨᠢ ᠪᠠᠰᠠ ᠨᠢᠭᠡ ᠬᠥᠮᠦᠨ  ᠰᠠᠭᠤᠯᠭᠠᠵᠣ ᠪᠣᠯᠣᠨ᠎ᠠ᠂ ᠠᠷᠤ ᠶᠢᠨ ᠰᠠᠭᠤᠳᠠᠯ ᠳᠤ ᠪᠦᠬᠦᠯᠢ ᠠᠷᠪᠠᠨ ᠬᠤᠶᠠᠷ ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠰᠠᠭᠤᠵᠤ ᠪᠣᠯᠬᠤ ᠥᠬᠡᠶ᠃     ᠭᠤᠤᠯᠳᠠᠯᠭ᠎ᠠ ᠪᠠᠨ ᠠᠩᠬᠠᠷᠬᠤ ᠬᠡᠷᠡᠭᠲᠡᠶ      ᠮᠣᠲ᠋ᠣᠷ ᠲᠡᠷᠭᠡ ᠣᠨᠣᠬᠤ ᠳᠤ ᠪᠠᠨ ᠵᠢᠯᠣᠭᠤᠴᠢ ᠶᠢᠨ ᠦᠨᠡᠮᠯᠡᠯ ᠶᠢᠨ ᠬᠡᠯᠪᠡᠷᠢ ᠲᠠᠢ ᠨᠡᠶᠢᠴᠡᠬᠦ ᠥᠬᠡᠶ ᠪᠠᠶᠢᠪᠠᠯ᠂ 9 ᠬᠤᠪᠢ ᠬᠠᠰᠣᠵᠣ᠂ 200 ᠲᠥᠭᠦᠷᠢᠭ ᠤᠨ ᠵᠣᠭᠤᠰ ᠢᠶᠠᠷ ᠲᠣᠷᠭᠠᠵᠤ᠂ ᠲᠡᠷᠭᠡ ᠶᠢ ᠴᠢᠷᠴᠦ ᠰᠢᠯᠵᠢᠭᠦᠯᠦᠨ᠎ᠡ︔      ᠵᠠᠮ ᠳᠤ ᠭᠠᠷᠣᠭᠰᠠᠨ ᠮᠠᠰᠢᠨᠲᠤ ᠲᠡᠷᠭᠡ ᠫᠠᠶᠢᠰᠠ ᠪᠠᠨ ᠡᠯᠭᠦᠭᠰᠡᠨ ᠦᠭᠡᠢ ᠪᠣᠯ᠂ 9 ᠬᠤᠪᠢ ᠬᠠᠰᠣᠵᠣ᠂ 200 ᠲᠥᠭᠦᠷᠢᠭ ᠤᠨ ᠵᠣᠭᠤᠰ ᠢᠶᠠᠷ ᠲᠣᠷᠭᠠᠵᠤ᠂ ᠲᠡᠷᠭᠡ ᠶᠢ ᠨᠢ ᠬᠤᠷᠢᠶᠠᠨ ᠠᠪᠤᠨ᠎ᠠ︔      ᠵᠢᠯᠣᠭᠤᠴᠢ ᠶᠢᠨ ᠦᠨᠡᠮᠯᠡᠯ ᠦᠭᠡᠢ ᠪᠠᠷ ᠮᠣᠲ᠋ᠣᠷ ᠣᠨᠣᠭᠰᠠᠨ ᠪᠠᠶᠢᠪᠠᠯ᠂ 200-2000 ᠲᠥᠭᠦᠷᠢᠭ ᠵᠣᠭᠤᠰ ᠢᠶᠠᠷ ᠲᠣᠷᠭᠠᠵᠣ᠂ ᠲᠡᠷᠭᠡ ᠶᠢ ᠨᠢ ᠴᠢᠷᠴᠦ ᠰᠢᠯᠵᠢᠭᠦᠯᠦᠨ᠂ 15 ᠡᠳᠦᠷ ᠠᠴᠠ ᠳᠣᠭᠤᠭᠰᠢ ᠲᠦᠷ ᠬᠤᠷᠢᠬᠤ ᠪᠠᠷ ᠰᠢᠢᠳᠭᠡᠨ᠎ᠡ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号