ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠲᠣᠭᠤᠷᠢᠭ ᠤᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠵᠢᠴᠢ ᠨᠣᠭᠤᠭᠠᠷᠠᠭᠤᠯᠤᠯᠲᠠ ᠶᠢᠨ ᠬᠤᠳᠳᠤᠭ ᠢ ᠪᠢᠲᠡᠭᠦᠮᠵᠢᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2024/7/24
      ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠣᠷᠢᠵᠢᠭᠤᠯᠣᠨ ᠂ ᠭᠠᠵᠠᠷ ᠳᠣᠤᠷᠠᠬᠢ ᠤᠰᠤ ᠶᠢ ᠬᠠᠮᠠᠭᠠᠯᠠᠨ ᠬᠠᠮᠢᠶᠠᠷᠬᠤ ᠠᠵᠢᠯ ᠢ ᠦᠨᠡᠨᠬᠦ  ᠴᠢᠩᠭᠠᠳᠬᠠᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾  ︽ᠤᠯᠠᠭᠠᠨᠬᠠᠳᠠ ᠬᠤᠲᠠ ᠶᠢᠨ ᠭᠠᠵᠠᠷ ᠳᠣᠤᠷᠠᠬᠢ ᠤᠰᠤ ᠶᠢ ᠬᠠᠮᠠᠭᠠᠯᠠᠬᠤ ᠲᠦᠷᠢᠮ︾  ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠤᠯᠠᠭᠠᠨᠬᠠᠳᠠ ᠬᠤᠲᠠ ᠶᠢᠨ ᠤᠰᠤᠨ ᠬᠤᠳᠳᠤᠭ ᠢ ᠪᠢᠲᠡᠭᠦᠮᠵᠢᠯᠡᠬᠦ ᠠᠵᠢᠯ ᠤᠨ ᠲᠤᠬᠠᠶ ᠮᠡᠳᠡᠭᠳᠡᠯ︾ ︵ᠤᠯᠠᠭᠠᠨ ᠵᠠᠰᠠᠭ ᠲᠠᠷᠬᠠᠭᠠᠭᠰᠠᠨ ︹ 2024 ︺ 10 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠵᠢᠴᠢ ᠨᠣᠭᠤᠭᠠᠷᠠᠭᠤᠯᠤᠯᠲᠠ ᠶᠢᠨ ᠬᠤᠳᠳᠤᠭ ᠢ ᠪᠢᠲᠡᠭᠦᠮᠵᠢᠯᠡᠬᠦ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠪᠢᠲᠡᠭᠦᠮᠵᠢᠯᠡᠬᠦ ᠬᠡᠪᠴᠢᠶ᠎ᠡ      ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠬᠠᠮᠤᠷᠬᠤ ᠣᠷᠣᠨ ᠪᠦᠰᠡ ᠶᠢᠨ ᠳᠣᠲᠣᠷᠠᠬᠢ ᠤᠰᠤ ᠲᠠᠲᠠᠬᠤ ᠵᠥᠪᠰᠢᠶᠡᠷᠡᠯ ᠢ ᠭᠦᠢᠴᠡᠳᠭᠡᠭᠰᠡᠨ ᠥᠬᠡᠶ ᠥᠪᠡᠷᠲᠡᠭᠡᠨ ᠪᠡᠯᠡᠳᠬᠡᠭᠰᠡᠨ ᠤᠰᠤᠨ ᠤ ᠰᠤᠷᠪᠤᠯᠵᠢ ᠶᠢᠨ ᠬᠤᠳᠳᠤᠭ ᠵᠢᠴᠢ ᠨᠣᠭᠤᠭᠠᠷᠠᠭᠤᠯᠤᠯᠲᠠ ᠶᠢᠨ ᠬᠤᠳᠳᠤᠭ᠂ ᠭᠤᠤᠯᠳᠠᠭᠤ ᠵᠣᠴᠢᠳ ᠤᠨ ᠪᠠᠭᠤᠳᠠᠯ᠂ ᠲᠡᠷᠭᠡ ᠤᠬᠢᠶᠠᠬᠤ᠂ ᠪᠡᠶ᠎ᠡ ᠤᠬᠢᠶᠠᠬᠤ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ᠃     ᠬᠤᠶᠠᠷ᠂ ᠪᠢᠲᠡᠭᠦᠮᠵᠢᠯᠡᠬᠦ ᠠᠷᠭ᠎ᠠ ᠮᠠᠶ᠋ᠢᠭ      1. ᠪᠢᠲᠡᠭᠦᠮᠵᠢᠯᠡᠬᠦ᠃ ᠬᠤᠲᠠ ᠶᠢᠨ ᠲᠣᠭᠤᠷᠢᠭ ᠤᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ ᠬᠠᠶᠢᠷ ᠴᠢᠯᠠᠭᠤ᠂ ᠪᠤᠲ᠋ᠤᠨ ᠢᠶᠠᠷ ᠪᠥᠭᠯᠡᠬᠦ ᠠᠷᠭ᠎ᠠ ᠮᠠᠶ᠋ᠢᠭ ᠢᠶᠠᠷ ᠲᠦᠢᠯᠪᠤᠷᠢᠲᠠᠶ ᠪᠢᠲᠡᠭᠦᠮᠵᠢᠯᠡᠵᠦ᠂ ᠪᠣᠷᠣᠭᠠᠨ ᠤ ᠤᠰᠤ᠂ ᠪᠣᠬᠢᠷ ᠤᠰᠤ ᠪᠣᠴᠠᠵᠦ ᠴᠢᠳᠬᠤᠬᠤ ᠶᠢ  ᠰᠡᠷᠭᠡᠶᠢᠯᠡᠨ᠎ᠡ᠂ ᠪᠢᠲᠡᠭᠦᠮᠵᠢᠯᠡᠨ ᠪᠥᠭᠯᠡᠬᠦ ᠮᠠᠲ᠋ᠧᠷᠢᠶᠠᠯ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠠᠴᠠ ᠵᠠᠶᠢᠯᠠᠰᠬᠢᠬᠦ ᠬᠡᠷᠡᠭᠲᠡᠶ᠃      2. ᠬᠠᠭᠠᠵᠤ ᠵᠣᠭᠰᠣᠭᠠᠬᠤ᠃ ᠦᠨᠡᠨᠬᠦ ᠪᠠᠴᠢᠮ ᠪᠠᠶᠢᠳᠠᠯ ᠢ ᠠᠷᠭᠠᠴᠠᠬᠤ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠨᠢᠭᠡᠴᠡ ᠨᠢ ᠬᠠᠷᠢᠶ᠎ᠠ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠵᠤ᠂ ᠬᠤᠳᠳᠤᠭ ᠤᠨ ᠠᠮᠠᠰᠠᠷ᠂ ᠭᠤᠤᠯ ᠨᠡᠭᠡᠯᠡᠬᠡᠶ ᠶᠢ ᠣᠨᠢᠰᠤᠯᠠᠬᠤ ᠠᠷᠭ᠎ᠠ ᠮᠠᠶ᠋ᠢᠭ ᠢᠶᠠᠷ ᠬᠠᠭᠠᠵᠤ ᠵᠣᠭᠰᠣᠭᠠᠵᠤ ᠪᠣᠯᠤᠨ᠎ᠠ︔ ᠪᠠᠴᠢᠮ ᠪᠠᠶᠢᠳᠠᠯ ᠢ ᠠᠷᠭᠠᠴᠠᠬᠤ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠦᠶ᠎ᠡ ᠳᠤ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠢᠭᠠᠪᠤᠷᠢ ᠠᠪᠴᠤ᠂ ᠬᠡᠷᠡᠭᠯᠡᠬᠦ ᠳᠡᠩᠰᠡᠯᠡᠯᠲᠡ ᠶᠢ ᠰᠠᠶᠢᠲᠤᠷ ᠬᠢᠭᠰᠡᠨ ᠤ ᠳᠠᠷᠠᠭ᠎ᠠ ᠰᠠᠶ᠋ᠢ ᠣᠨᠢᠰᠤ ᠶᠢ ᠨᠢ ᠨᠡᠭᠡᠭᠡᠵᠦ ᠤᠰᠤ ᠠᠪᠴᠤ ᠪᠣᠯᠣᠨ᠎ᠠ᠂   ᠲᠡᠷᠡ ᠮᠦᠷᠳᠡᠭᠡᠨ ᠬᠡᠮᠵᠢᠯᠲᠡ ᠶᠢᠨ ᠪᠡᠯᠡᠳᠬᠡᠮᠵᠢ ᠣᠭᠰᠠᠷᠴᠦ᠂ ᠬᠠᠮᠢᠶ᠎ᠠ ᠪᠥᠬᠦᠶ ᠭᠠᠶᠢᠯᠢ ᠰᠦᠢᠳᠭᠡᠯ ᠢ ᠲᠤᠰᠢᠶᠠᠬᠤ ᠬᠡᠷᠡᠭᠲᠡᠶ᠃      ᠭᠤᠷᠪᠠ᠂ ᠪᠢᠲᠡᠭᠦᠮᠵᠢᠯᠡᠬᠦ ᠴᠠᠭ ᠤᠨ ᠬᠢᠵᠠᠭᠠᠷ      ᠬᠤᠳᠠ ᠶᠢᠨ ᠲᠣᠭᠤᠷᠢᠭ ᠤᠨ ᠤᠰᠤ ᠲᠠᠲᠠᠬᠤ ᠬᠤᠳᠳᠤᠭ ᠢ ᠪᠢᠲᠡᠭᠦᠮᠵᠢᠯᠡᠬᠦ ᠠᠵᠢᠯ ᠢ ᠬᠤᠳᠠ ᠶᠢᠨ ᠲᠣᠭᠤᠷᠢᠭ ᠳᠤ ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠠᠴᠠ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠬᠤᠳᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠬᠤᠳᠳᠤᠭ ᠟  ᠎ ᠢ ᠪᠢᠲᠡᠭᠦᠮᠵᠢᠯᠡᠬᠦ ᠠᠵᠢᠯ ᠢ ᠬᠤᠳᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ 2024 ᠣᠨ ᠤ 7 ᠰᠠᠷ᠎ᠠ ᠶᠢᠨ 25᠎ ᠤ ᠡᠳᠦᠷ ᠠᠴᠠ 8 ᠰᠠᠷ᠎ᠠ ᠶᠢᠨ 15᠎ ᠤ ᠡᠳᠦᠷ ᠪᠣᠯᠲᠠᠯ᠎ᠠ᠂ ᠲᠣᠭᠲᠠᠭᠠᠯ ᠢ ᠵᠥᠷᠢᠴᠡᠨ ᠥᠪᠡᠰᠦᠪᠡᠨ ᠪᠡᠯᠡᠳᠬᠡᠭᠰᠡᠨ ᠬᠤᠳᠳᠤᠭ ᠢ ᠬᠡᠷᠡᠭᠯᠡᠭᠰᠡᠨ ᠡᠷᠦᠬᠡ ᠳᠤ ᠵᠠᠷᠯᠢᠭᠳᠠᠨ ᠴᠡᠭᠴᠡᠯᠡᠬᠦ ᠮᠡᠳᠡᠭᠳᠡᠯ ᠪᠠᠭᠤᠯᠭᠠᠵᠤ᠂ ᠡᠷᠦᠬᠡ ᠨᠦᠭᠦᠳ ᠥᠪᠡᠰᠦᠪᠡᠨ ᠪᠢᠲᠡᠭᠦᠮᠵᠢᠯᠡᠨ ᠵᠣᠭᠰᠣᠭᠠᠨ᠎ᠠ︔ 8 ᠰᠠᠷ᠎ᠠ ᠶᠢᠨ 15᠎ ᠤ ᠡᠳᠦᠷ ᠠᠴᠠ ᠰᠡᠭᠦᠯᠡᠷ᠂ ᠲᠣᠭᠲᠠᠭᠰᠠᠨ ᠴᠠᠭ ᠲᠤ ᠪᠢᠲᠡᠭᠦᠮᠵᠢᠯᠡᠨ ᠵᠣᠭᠰᠣᠭᠠᠭᠰᠠᠨ ᠦᠭᠡᠶ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠤᠨ ᠤᠰᠤ ᠬᠡᠷᠡᠭᠯᠡᠬᠦ ᠡᠷᠦᠬᠡ ᠳᠤ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ ᠤᠰᠤ ᠶᠢ ᠬᠠᠮᠠᠭᠠᠯᠠᠬᠤ ᠳᠦᠷᠢᠮ︾᠎ ᠤᠨ ᠲᠠᠪᠤᠳᠤᠭᠠᠷ ᠪᠦᠯᠦᠭ ᠤᠨ ᠬᠤᠷᠢ ᠶᠢᠰᠦᠳᠦᠭᠡᠷ ᠵᠦᠢᠯ ᠤᠨ ︽ᠲᠤᠰ ᠳᠦᠷᠢᠮ ᠤᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠲᠠᠬᠢᠯᠳᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠬᠤ ᠬᠤᠭᠤᠯᠠᠶ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠣᠲᠣᠷ᠎ᠠ᠂ ᠢᠳᠡᠭᠡᠨ ᠪᠠ ᠡᠮ ᠦᠢᠯᠡᠳᠬᠦ ᠪᠣᠰᠣ ᠠᠵᠤ ᠠᠬᠤᠶᠢᠯᠠᠯ ᠦᠢᠯᠡᠳᠪᠦᠷᠢᠯᠡᠯ ᠳᠤ ᠬᠡᠷᠡᠭᠯᠡᠬᠦ ᠤᠰᠤ ᠪᠠᠨ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠭᠰᠡᠨ ᠪᠠᠶᠢᠪᠠᠯ᠂ ᠬᠤᠳᠠ ᠪᠤᠶᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠎ ᠢᠶᠠᠨ ᠦᠨᠳᠦᠰᠦᠯᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠠᠵᠠᠷ ᠳᠣᠣᠷᠠᠬᠢ ᠤᠰᠤᠨ ᠤ ᠤᠰᠤ ᠲᠠᠲᠠᠬᠤ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠪᠢᠲᠡᠭᠦᠮᠵᠢᠯᠡᠭᠦᠯᠦᠨ᠎ᠡ᠂ ᠬᠤᠭᠤᠴᠠᠭ᠎ᠠ ᠬᠡᠲᠦᠷᠡᠲᠡᠯ᠎ᠡ ᠪᠢᠲᠡᠭᠦᠮᠵᠢᠯᠡᠭᠰᠡᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠠᠵᠤ ᠠᠬᠤᠶᠢᠯᠠᠯ ᠡᠭᠦᠷᠭᠡᠯᠡᠵᠦ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︾ ᠭᠡᠰᠡᠨ ᠲᠣᠭᠲᠠᠭᠠᠯ ᠪᠠᠷ ᠵᠠᠷᠯᠢᠭᠳᠠᠵᠤ ᠪᠠᠶᠢᠭᠠᠳ ᠤᠰᠤᠨ ᠰᠤᠷᠪᠤᠯᠵᠢ ᠶᠢᠨ ᠬᠤᠳᠳᠤᠭ ᠢ ᠬᠤᠭᠤᠴᠠᠭ᠎ᠠ ᠲᠣᠭᠲᠠᠭᠠᠨ ᠪᠢᠲᠡᠭᠦᠮᠵᠢᠯᠡᠭᠦᠯᠬᠦ ᠶᠢᠨ ᠬᠠᠮᠲᠤ ᠬᠠᠤᠯᠢ ᠶᠣᠰᠣᠭᠠᠷ ᠰᠢᠢᠳᠭᠡᠨ᠎ᠡ᠃     ᠲᠦᠷᠪᠡ᠂ ᠨᠡᠶᠢᠭᠡᠮ ᠤᠨ ᠬᠢᠨᠠᠯᠲᠠ      ᠬᠤᠲᠠ ᠶᠢᠨ ᠲᠣᠭᠤᠷᠢᠭ ᠤᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ  ᠪᠢᠲᠡᠭᠦᠮᠵᠢᠯᠡᠬᠦ ᠪᠣᠯ ᠪᠥᠬᠦ ᠬᠤᠲᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠮᠥᠨ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠤᠰᠤᠨ ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠬᠦ ᠠᠵᠢᠯ ᠨᠢ ᠨᠡᠶᠢᠭᠡᠮ ᠤᠨ ᠢᠯᠡᠴᠢᠯᠡᠨ ᠮᠡᠳᠡᠭᠦᠯᠬᠦ ᠪᠠ ᠬᠢᠨᠠᠯᠲᠠ ᠲᠠᠯᠪᠢᠬᠤ ᠶᠢ ᠬᠦᠯᠢᠶᠡᠨ᠎ᠡ᠃      ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ ᠤᠲᠠᠰᠤ᠄ 0476 — 5303647      ᠡᠭᠦᠨ ᠤ ᠲᠤᠯᠠ ᠣᠨᠴᠠᠭᠠᠶᠢᠯᠠᠨ ᠵᠠᠷᠯᠠᠪᠠ                                                                                               ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ                                                 2024 ᠣᠨ ᠤ 7 ᠰᠠᠷ᠎ᠠ ᠶᠢᠨ 24᠎ ᠤ ᠡᠳᠦᠷ
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号