ᠯᠢᠨᠰᠢ ᠰᠢᠶᠠᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ ᠶᠢᠨ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ ᠶᠢ ᠵᠢᠷᠤᠮᠵᠢᠭᠤᠯᠤᠨ ᠠᠵᠢᠯᠯᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/24
ᠡᠯ᠎ᠡ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠨᠢᠭᠡᠴᠡ ᠵᠢᠴᠢ ᠵᠢᠯᠣᠭᠤᠴᠢ ᠨᠠᠷ ᠳᠤ᠄      ᠮᠠᠨ ᠤ ᠰᠢᠶᠠᠨ ᠤ ᠲᠦᠷᠢᠶᠡᠰᠦᠨ ᠮᠠᠰᠢᠨ ᠲᠡᠷᠭᠡ ᠪᠠ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠲᠦᠷᠢᠶᠡᠰᠦᠨ ᠮᠠᠰᠢᠨ ᠲᠡᠷᠭᠡ      1. ᠲᠦᠷᠢᠶᠡᠰᠦᠨ ᠮᠠᠰᠢᠨ ᠲᠡᠷᠭᠡᠨ ᠤ ᠠᠵᠢᠯᠲᠠᠨ ᠪᠦᠬᠦᠨ ᠪᠣᠯᠪᠠᠰᠤᠨ ᠦᠭᠡ ᠬᠡᠯᠡᠵᠦ᠂ ᠶᠣᠰᠣ ᠮᠣᠷᠠᠯ ᠲᠠᠢ ᠦᠢᠯᠡᠴᠢᠯᠡᠨ᠂ ᠪᠣᠯᠬᠢ ᠪᠦᠳᠦᠭᠦᠯᠢᠭ ᠦᠭᠡ ᠬᠢᠭᠡᠳ ᠮᠠᠭᠤ ᠮᠠᠭᠤᠬᠠᠢ ᠣᠪᠣᠷ ᠢ  ᠲᠡᠪᠴᠢᠨ᠎ᠠ᠃      2. ᠲᠡᠷᠭᠡᠨ ᠤ ᠳᠦᠷᠰᠦ ᠪᠠᠶᠢᠳᠠᠯ ᠴᠡᠪᠡᠷ ᠲᠡᠭᠰᠢ᠂ ᠨᠢᠭᠡᠳᠦᠯᠲᠡᠶ ᠪᠠᠶᠢᠬᠤ ᠶᠢ ᠪᠠᠲᠤᠯᠠᠨ᠎ᠠ︔ ᠲᠠᠮᠠᠬᠢ ᠲᠠᠲᠠᠵᠤ ᠨᠤᠯᠮᠤᠬᠤ ᠦᠭᠡᠶ᠂ ᠲᠡᠷᠭᠡᠨ ᠴᠣᠩᠬᠤ ᠪᠠᠷ ᠶᠠᠭᠤᠮ᠎ᠠ ᠬᠠᠶᠠᠬᠤ ᠦᠭᠡᠢ︔  ᠪᠣᠯᠪᠠᠰᠤᠨ ᠢᠶᠠᠷ ᠠᠶᠠᠯᠠᠨ᠂ ᠶᠠᠪᠠᠭᠠᠨ ᠬᠥᠮᠦᠨ ᠳᠤ ᠨᠠᠶᠢᠷ ᠲᠠᠯᠪᠢᠵᠦ᠂ ᠲᠦᠷᠢᠮ ᠲᠣᠭᠲᠠᠭᠠᠯ ᠢ  ᠵᠢᠷᠦᠮᠯᠠᠨ᠂ ᠳᠤᠷ᠎ᠠ ᠪᠠᠷ ᠢᠶᠠᠨ ᠵᠠᠮ ᠰᠣᠯᠢᠬᠤ ᠦᠭᠡᠢ᠂ ᠲᠦᠷᠢᠮ ᠲᠣᠭᠲᠠᠭᠠᠯ ᠢ ᠵᠥᠷᠢᠴᠡᠬᠦ ᠦᠭᠡᠢ ᠪᠠᠶᠢᠬᠤ ᠶᠢ ᠪᠠᠷᠢᠮᠲᠠᠯᠠᠨ᠎ᠠ︔ ᠠᠮᠤᠷ ᠲᠦᠪᠰᠢᠨ ᠢᠶᠠᠷ ᠵᠢᠯᠣᠭᠤᠳᠬᠤ ᠶᠢ ᠪᠠᠷᠢᠮᠲᠠᠯᠠᠵᠤ᠂ ᠲᠡᠷᠭᠡ ᠵᠢᠯᠣᠭᠤᠳᠴᠦ ᠪᠠᠶᠢᠭ᠎ᠠ ᠬᠤᠭᠤᠴᠠᠭᠠᠨ ᠳᠠᠭᠠᠨ ᠤᠲᠠᠰᠤ ᠲᠣᠰᠴᠤ᠂ ᠸᠢᠴᠠᠲ ᠢᠶᠠᠷ  ᠵᠣᠭᠤᠭᠳᠠᠵᠣ ᠪᠣᠯᠬᠤ ᠦᠭᠡᠢ᠃      3. ᠵᠠᠪᠠᠯ ᠬᠢᠨᠠᠨ ᠲᠣᠭᠲᠠᠭᠠᠯᠭᠠᠭᠠᠳ ᠬᠢᠷᠢ ᠲᠡᠩᠴᠡᠭᠰᠡᠨ ᠵᠠᠮ ᠬᠡᠮᠵᠢᠵᠦ ᠦᠨ᠎ᠡ ᠪᠤᠳᠤᠬᠤ ᠲᠥᠬᠦᠭᠡᠷᠦᠮᠵᠢ ᠣᠭᠰᠠᠷᠠᠨ ᠬᠡᠷᠡᠭᠯᠡᠬᠦ ᠶᠢᠨ ᠬᠠᠮᠲᠤ᠂ ᠲᠥᠬᠦᠭᠡᠷᠦᠮᠵᠢ ᠳᠤ ᠢᠯᠡᠷᠡᠭᠰᠡᠨ ᠵᠣᠭᠤᠰ ᠤᠨ ᠲᠤᠭ᠎ᠠ ᠶᠢ ᠶᠣᠰᠣᠭᠠᠷ ᠰᠦᠢᠳᠬᠡᠯ ᠬᠤᠷᠢᠶᠠᠨ᠎ᠠ᠂ ᠳᠤᠷ᠎ᠠ ᠪᠠᠷ ᠢᠶᠠᠨ ᠦᠨ᠎ᠡ ᠵᠥᠪᠯᠡᠬᠦ᠂ ᠲᠡᠭᠡᠭᠡᠪᠦᠷᠢᠯᠡᠬᠦ ᠶᠢ ᠲᠡᠪᠴᠢᠬᠦ᠂ ᠲᠣᠭᠤᠷᠢᠭᠤ ᠶᠠᠪᠤᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ ᠪᠥᠭᠡᠳ ᠬᠦᠴᠦᠨ ᠪᠦᠬᠦᠢ ᠪᠠᠷᠢᠮᠲᠠ ᠬᠠᠩᠭᠠᠵᠤ ᠦᠭᠬᠦᠨ᠎ᠡ᠃      ᠬᠤᠶᠠᠷ᠂ ᠨᠡᠶᠢᠲᠡ ᠶᠢᠨ ᠮᠠᠰᠢᠨ ᠲᠡᠷᠭᠡ      1. ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠪᠣᠯᠪᠠᠰᠤᠨ ᠶᠣᠰᠣ ᠮᠣᠷᠠᠯ ᠲᠠᠢ ᠦᠭᠡ ᠬᠡᠯᠡᠯᠭᠡ ᠶᠢ ᠬᠡᠷᠡᠭᠯᠡᠨ᠂ ᠬᠠᠯᠠᠭᠤᠮᠰᠤᠭ ᠢᠶᠠᠷ  ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠦᠲᠡᠯᠦᠭᠰᠡᠨ᠂ ᠪᠠᠭᠤᠷᠠᠶ᠂ ᠡᠪᠡᠳᠴᠢᠯᠡᠭᠰᠡᠨ᠂ ᠵᠡᠮᠳᠡᠭ᠂  ᠵᠢᠷᠮᠦᠰᠦᠯᠡᠭᠰᠡᠨ ᠬᠦᠮᠦᠰ ᠳᠤ ᠬᠠᠪᠰᠤᠷᠤᠯᠭ᠎ᠠ ᠦᠵᠡᠭᠦᠯᠦᠨ᠎ᠡ᠃      2. ᠲᠣᠭᠲᠠᠭᠠᠭᠰᠠᠨ ᠱᠤᠭᠤᠮ ᠪᠣᠯᠤᠨ ᠥᠷᠳᠡᠭᠡ ᠴᠡᠭ ᠢ ᠴᠢᠩᠭ᠎ᠠ ᠵᠢᠷᠤᠮᠯᠠᠨ ᠵᠣᠭᠰᠣᠵᠤ᠂ ᠵᠠᠮ ᠱᠤᠭᠤᠮ ᠢᠶᠠᠨ ᠳᠤᠷ᠎ᠠ ᠪᠠᠷ ᠢᠶᠠᠨ ᠥᠭᠡᠷᠡᠴᠢᠯᠡᠵᠦ᠂ ᠥᠷᠳᠡᠭᠡ ᠪᠠᠨ ᠭᠡᠭᠡᠵᠦ ᠣᠷᠬᠢᠨ ᠶᠠᠪᠤᠵᠦ ᠪᠣᠯᠬᠤ ᠥᠭᠡᠢ᠃      3.  ᠦᠷᠲᠡᠭᠡᠨ ᠳᠤ ᠵᠣᠭᠰᠣᠬᠤ ᠦᠶ᠎ᠡ ᠳᠤ᠂ ᠲᠡᠷᠭᠡ ᠬᠥᠰᠬᠡ ᠢᠶᠠᠨ ᠯᠠᠪᠳᠠᠭᠤᠨ ᠵᠣᠭᠰᠣᠭᠠᠵᠦ᠂ ᠠᠶᠠᠨᠴᠢᠳ ᠤᠨ ᠲᠡᠷᠭᠡᠨ ᠳᠤ ᠭᠠᠷᠴᠤ ᠲᠡᠷᠭᠡᠨ ᠠᠴᠠ ᠪᠠᠭᠤᠬᠤ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃     ᠭᠤᠷᠪᠠ᠂ ᠬᠢᠨᠠᠯᠲᠠ ᠲᠠᠯᠪᠢᠵᠤ ᠬᠠᠮᠢᠶᠠᠷᠬᠤ      ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠡᠳᠦᠷ ᠠᠴᠠ ᠡᠬᠢᠯᠡᠨ ᠲᠦᠷᠢᠶᠡᠰᠦᠨ ᠮᠠᠰᠢᠨ ᠲᠡᠷᠭᠡ ᠪᠣᠯᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠱᠠᠭᠠᠷᠳᠠᠯᠭ᠎ᠠ ᠶᠣᠰᠣᠭᠠᠷ ᠵᠠᠮ ᠬᠡᠮᠵᠢᠵᠦ ᠦᠨ᠎ᠡ ᠪᠤᠳᠤᠬᠤ ᠲᠥᠬᠦᠭᠡᠷᠦᠮᠵᠢ ᠶᠢ ᠬᠡᠷᠡᠭᠯᠡᠭᠰᠡᠨ ᠥᠬᠡᠶ᠂ ᠥᠷᠲᠡᠭᠡ ᠴᠡᠭ ᠢᠶᠠᠷ ᠵᠣᠭᠰᠣᠬᠤ ᠥᠬᠡᠶ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ᠂ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠡᠯ᠎ᠡ ᠡᠵᠡᠩᠨᠡᠯᠲᠡ ᠶᠢᠨ ᠨᠢᠭᠡᠴᠡ ᠪᠣᠯᠤᠨ ᠵᠢᠯᠣᠭᠤᠴᠢ ᠨᠠᠷ ᠳᠡᠭᠡᠷᠡᠬᠢ ᠲᠣᠭᠲᠠᠭᠠᠯ ᠢ ᠴᠢᠩᠭ᠎ᠠ ᠵᠢᠷᠤᠮᠯᠠᠨ᠂ ᠮᠠᠨ ᠤ ᠰᠢᠶᠠᠨ ᠤ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠶ᠃      ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠬᠢᠨᠠᠯᠲᠠ ᠲᠠᠯᠪᠢᠬᠤ ᠤᠲᠠᠰᠤ᠄ 12328︔      0476-5322440                                                                              ᠯᠢᠨᠰᠢ ᠰᠢᠶᠠᠨ ᠤ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ                                         ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ                                             2024 ᠣᠨ ᠤ 7 ᠰᠠᠷ᠎ᠠ ᠶᠢᠨ 24 ᠤ ᠡᠳᠦᠷ
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号