ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠣᠷᠢᠵᠢᠭᠤᠯᠣᠨ | ᠂ ᠭᠠᠵᠠᠷ ᠳᠣᠤᠷᠠᠬᠢ ᠤᠰᠤ ᠶᠢ ᠬᠠᠮᠠᠭᠠᠯᠠᠨ ᠬᠠᠮᠢᠶᠠᠷᠬᠤ ᠠᠵᠢᠯ ᠢ ᠦᠨᠡᠨᠬᠦ ᠴᠢᠩᠭᠠᠳᠬᠠᠬᠤ ᠶᠢᠨ ᠲᠦᠯᠦᠭᠡ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ | ᠲᠦᠷᠢᠮ︾ ︽ᠤᠯᠠᠭᠠᠨᠬᠠᠳᠠ ᠬᠤᠲᠠ ᠶᠢᠨ ᠭᠠᠵᠠᠷ ᠳᠣᠤᠷᠠᠬᠢ ᠤᠰᠤ ᠶᠢ ᠬᠠᠮᠠᠭᠠᠯᠠᠬᠤ ᠲᠦᠷᠢᠮ︾ ︽ | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠤᠯᠠᠭᠠᠨᠬᠠᠳᠠ ᠬᠤᠲᠠ ᠶᠢᠨ | ᠤᠰᠤᠨ ᠬᠤᠳᠳᠤᠭ ᠢ ᠪᠢᠲᠡᠭᠦᠮᠵᠢᠯᠡᠬᠦ ᠠᠵᠢᠯ ᠤᠨ ᠲᠤᠬᠠᠶ ᠮᠡᠳᠡᠭᠳᠡᠯ︾ ︵ᠤᠯᠠᠭᠠᠨ ᠵᠠᠰᠠᠭ ᠲᠠᠷᠬᠠᠭᠠᠭᠰᠠᠨ ︹ | 2024 ︺ 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠲᠠ ᠶᠢᠨ | ᠲᠣᠭᠤᠷᠢᠭ ᠤᠨ ᠬᠡᠪᠴᠢᠶᠡᠨ ᠳᠠᠬᠢ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠵᠢᠴᠢ | ᠨᠣᠭᠤᠭᠠᠷᠠᠭᠤᠯᠤᠯᠲᠠ ᠶᠢᠨ ᠬᠤᠳᠳᠤᠭ ᠢ ᠪᠢᠲᠡᠭᠦᠮᠵᠢᠯᠡᠬᠦ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ | ᠮᠡᠲᠦ ᠵᠠᠷᠯᠠᠶ᠎ᠠ᠄ | ᠨᠢᠭᠡ᠂ ᠪᠢᠲᠡᠭᠦᠮᠵᠢᠯᠡᠬᠦ ᠬᠡᠪᠴᠢᠶ᠎ᠡ | ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠬᠠᠮᠤᠷᠬᠤ | ᠣᠷᠣᠨ ᠪᠦᠰᠡ ᠶᠢᠨ ᠳᠣᠲᠣᠷᠠᠬᠢ ᠤᠰᠤ ᠲᠠᠲᠠᠬᠤ ᠵᠥᠪᠰᠢᠶᠡᠷᠡᠯ ᠢ ᠭᠦᠢᠴᠡᠳᠭᠡᠭᠰᠡᠨ ᠥᠬᠡᠶ ᠥᠪᠡᠷᠲᠡᠭᠡᠨ | ᠪᠡᠯᠡᠳᠬᠡᠭᠰᠡᠨ ᠤᠰᠤᠨ ᠤ ᠰᠤᠷᠪᠤᠯᠵᠢ ᠶᠢᠨ ᠬᠤᠳᠳᠤᠭ ᠵᠢᠴᠢ ᠨᠣᠭᠤᠭᠠᠷᠠᠭᠤᠯᠤᠯᠲᠠ ᠶᠢᠨ ᠬᠤᠳᠳᠤᠭ᠂ ᠭᠤᠤᠯᠳᠠᠭᠤ | ᠵᠣᠴᠢᠳ ᠤᠨ ᠪᠠᠭᠤᠳᠠᠯ᠂ ᠲᠡᠷᠭᠡ ᠤᠬᠢᠶᠠᠬᠤ᠂ ᠪᠡᠶ᠎ᠡ ᠤᠬᠢᠶᠠᠬᠤ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ᠃ | ᠬᠤᠶᠠᠷ᠂ ᠪᠢᠲᠡᠭᠦᠮᠵᠢᠯᠡᠬᠦ ᠠᠷᠭ᠎ᠠ ᠮᠠᠶ᠋ᠢᠭ | 1. ᠪᠢᠲᠡᠭᠦᠮᠵᠢᠯᠡᠬᠦ᠃ ᠬᠤᠲᠠ ᠶᠢᠨ ᠲᠣᠭᠤᠷᠢᠭ ᠤᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ | ᠬᠤᠳᠳᠤᠭ ᠢ ᠬᠠᠶᠢᠷ ᠴᠢᠯᠠᠭᠤ᠂ ᠪᠤᠲ᠋ᠤᠨ ᠢᠶᠠᠷ ᠪᠥᠭᠯᠡᠬᠦ ᠠᠷᠭ᠎ᠠ ᠮᠠᠶ᠋ᠢᠭ ᠢᠶᠠᠷ ᠲᠦᠢᠯᠪᠤᠷᠢᠲᠠᠶ ᠪᠢᠲᠡᠭᠦᠮᠵᠢᠯᠡᠵᠦ᠂ | ᠪᠣᠷᠣᠭᠠᠨ ᠤ ᠤᠰᠤ᠂ ᠪᠣᠬᠢᠷ ᠤᠰᠤ ᠪᠣᠴᠠᠵᠦ ᠴᠢᠳᠬᠤᠬᠤ ᠶᠢ ᠰᠡᠷᠭᠡᠶᠢᠯᠡᠨ᠎ᠡ᠂ ᠪᠢᠲᠡᠭᠦᠮᠵᠢᠯᠡᠨ ᠪᠥᠭᠯᠡᠬᠦ | ᠮᠠᠲ᠋ᠧᠷᠢᠶᠠᠯ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠠᠴᠠ ᠵᠠᠶᠢᠯᠠᠰᠬᠢᠬᠦ ᠬᠡᠷᠡᠭᠲᠡᠶ᠃ | 2. ᠬᠠᠭᠠᠵᠤ ᠵᠣᠭᠰᠣᠭᠠᠬᠤ᠃ ᠦᠨᠡᠨᠬᠦ ᠪᠠᠴᠢᠮ ᠪᠠᠶᠢᠳᠠᠯ ᠢ ᠠᠷᠭᠠᠴᠠᠬᠤ ᠤᠰᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠲᠠᠢ ᠨᠢᠭᠡᠴᠡ ᠨᠢ ᠬᠠᠷᠢᠶ᠎ᠠ ᠭᠠᠵᠠᠷ ᠤᠨ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠳᠠᠩᠰᠠᠯᠠᠭᠤᠯᠵᠤ᠂ ᠬᠤᠳᠳᠤᠭ ᠤᠨ ᠠᠮᠠᠰᠠᠷ᠂ ᠭᠤᠤᠯ ᠨᠡᠭᠡᠯᠡᠬᠡᠶ ᠶᠢ ᠣᠨᠢᠰᠤᠯᠠᠬᠤ ᠠᠷᠭ᠎ᠠ | ᠮᠠᠶ᠋ᠢᠭ ᠢᠶᠠᠷ ᠬᠠᠭᠠᠵᠤ ᠵᠣᠭᠰᠣᠭᠠᠵᠤ ᠪᠣᠯᠤᠨ᠎ᠠ︔ ᠪᠠᠴᠢᠮ ᠪᠠᠶᠢᠳᠠᠯ ᠢ ᠠᠷᠭᠠᠴᠠᠬᠤ ᠤᠰᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠲᠠᠢ ᠦᠶ᠎ᠡ ᠳᠤ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠢᠭᠠᠪᠤᠷᠢ ᠠᠪᠴᠤ᠂ ᠬᠡᠷᠡᠭᠯᠡᠬᠦ ᠳᠡᠩᠰᠡᠯᠡᠯᠲᠡ ᠶᠢ ᠰᠠᠶᠢᠲᠤᠷ ᠬᠢᠭᠰᠡᠨ ᠤ ᠳᠠᠷᠠᠭ᠎ᠠ ᠰᠠᠶ᠋ᠢ ᠣᠨᠢᠰᠤ ᠶᠢ ᠨᠢ | ᠨᠡᠭᠡᠭᠡᠵᠦ ᠤᠰᠤ ᠠᠪᠴᠤ ᠪᠣᠯᠣᠨ᠎ᠠ᠂ ᠲᠡᠷᠡ ᠮᠦᠷᠳᠡᠭᠡᠨ ᠬᠡᠮᠵᠢᠯᠲᠡ ᠶᠢᠨ ᠪᠡᠯᠡᠳᠬᠡᠮᠵᠢ ᠣᠭᠰᠠᠷᠴᠦ᠂ ᠬᠠᠮᠢᠶ᠎ᠠ | ᠪᠥᠬᠦᠶ ᠭᠠᠶᠢᠯᠢ ᠰᠦᠢᠳᠭᠡᠯ ᠢ ᠲᠤᠰᠢᠶᠠᠬᠤ ᠬᠡᠷᠡᠭᠲᠡᠶ᠃ | ᠭᠤᠷᠪᠠ᠂ ᠪᠢᠲᠡᠭᠦᠮᠵᠢᠯᠡᠬᠦ ᠴᠠᠭ ᠤᠨ ᠬᠢᠵᠠᠭᠠᠷ | ᠬᠤᠳᠠ ᠶᠢᠨ ᠲᠣᠭᠤᠷᠢᠭ ᠤᠨ ᠤᠰᠤ ᠲᠠᠲᠠᠬᠤ ᠬᠤᠳᠳᠤᠭ ᠢ ᠪᠢᠲᠡᠭᠦᠮᠵᠢᠯᠡᠬᠦ ᠠᠵᠢᠯ ᠢ ᠬᠤᠳᠠ ᠶᠢᠨ | ᠲᠣᠭᠤᠷᠢᠭ ᠳᠤ ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠠᠴᠠ ᠵᠣᠬᠢᠶᠠᠨ ᠪᠠᠶᠢᠭᠤᠯᠤᠨ ᠶᠠᠪᠤᠭᠳᠠᠭᠤᠯᠵᠤ᠂ | ᠬᠤᠳᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠬᠤᠳᠳᠤᠭ ᠢ ᠪᠢᠲᠡᠭᠦᠮᠵᠢᠯᠡᠬᠦ ᠠᠵᠢᠯ ᠢ ᠬᠤᠳᠠ ᠶᠢᠨ | ᠬᠠᠮᠢᠶᠠᠷᠤᠯᠲᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ᠃ 2024 ᠣᠨ ᠤ 7 ᠰᠠᠷ᠎ᠠ ᠶᠢᠨ | 25 ᠤ ᠡᠳᠦᠷ ᠠᠴᠠ 8 ᠰᠠᠷ᠎ᠠ ᠶᠢᠨ 15 ᠤ ᠡᠳᠦᠷ ᠪᠣᠯᠲᠠᠯ᠎ᠠ᠂ ᠲᠣᠭᠲᠠᠭᠠᠯ ᠢ ᠵᠥᠷᠢᠴᠡᠨ ᠥᠪᠡᠰᠦᠪᠡᠨ | ᠪᠡᠯᠡᠳᠬᠡᠭᠰᠡᠨ ᠬᠤᠳᠳᠤᠭ ᠢ ᠬᠡᠷᠡᠭᠯᠡᠭᠰᠡᠨ ᠡᠷᠦᠬᠡ ᠳᠤ ᠵᠠᠷᠯᠢᠭᠳᠠᠨ ᠴᠡᠭᠴᠡᠯᠡᠬᠦ ᠮᠡᠳᠡᠭᠳᠡᠯ ᠪᠠᠭᠤᠯᠭᠠᠵᠤ᠂ | ᠡᠷᠦᠬᠡ ᠨᠦᠭᠦᠳ ᠥᠪᠡᠰᠦᠪᠡᠨ ᠪᠢᠲᠡᠭᠦᠮᠵᠢᠯᠡᠨ ᠵᠣᠭᠰᠣᠭᠠᠨ᠎ᠠ︔ 8 ᠰᠠᠷ᠎ᠠ ᠶᠢᠨ 15 ᠤ ᠡᠳᠦᠷ ᠠᠴᠠ ᠰᠡᠭᠦᠯᠡᠷ᠂ | ᠲᠣᠭᠲᠠᠭᠰᠠᠨ ᠴᠠᠭ ᠲᠤ ᠪᠢᠲᠡᠭᠦᠮᠵᠢᠯᠡᠨ ᠵᠣᠭᠰᠣᠭᠠᠭᠰᠠᠨ ᠦᠭᠡᠶ ᠥᠪᠡᠷᠲᠡᠭᠡᠨ ᠪᠡᠯᠡᠳᠬᠡᠭᠰᠡᠨ ᠤᠰᠤᠨ | ᠰᠤᠷᠪᠤᠯᠵᠢ ᠶᠢᠨ ᠬᠤᠳᠳᠤᠭ ᠤᠨ ᠤᠰᠤ ᠬᠡᠷᠡᠭᠯᠡᠬᠦ ᠡᠷᠦᠬᠡ ᠳᠤ ︽ᠤᠯᠠᠭᠠᠨᠬᠠᠳᠠ ᠬᠤᠲᠠ ᠶᠢᠨ ᠭᠠᠵᠠᠷ ᠳᠣᠣᠷᠠᠬᠢ | ᠤᠰᠤ ᠶᠢ ᠬᠠᠮᠠᠭᠠᠯᠠᠬᠤ ᠳᠦᠷᠢᠮ︾ ᠤᠨ ᠲᠠᠪᠤᠳᠤᠭᠠᠷ ᠪᠦᠯᠦᠭ ᠤᠨ ᠬᠤᠷᠢ ᠶᠢᠰᠦᠳᠦᠭᠡᠷ ᠵᠦᠢᠯ ᠤᠨ ︽ᠲᠤᠰ | ᠳᠦᠷᠢᠮ ᠤᠨ ᠠᠷᠪᠠᠨ ᠳᠥᠷᠪᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠲᠠᠬᠢᠯᠳᠠ ᠤᠰᠤ ᠪᠤᠶᠤ ᠭᠠᠵᠠᠷ | ᠳᠡᠭᠡᠷᠡᠬᠢ ᠤᠰᠤ ᠳᠠᠮᠵᠢᠭᠤᠯᠬᠤ ᠬᠤᠭᠤᠯᠠᠶ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠣᠲᠣᠷ᠎ᠠ᠂ ᠢᠳᠡᠭᠡᠨ ᠪᠠ | ᠡᠮ ᠦᠢᠯᠡᠳᠬᠦ ᠪᠣᠰᠣ ᠠᠵᠤ ᠠᠬᠤᠶᠢᠯᠠᠯ ᠦᠢᠯᠡᠳᠪᠦᠷᠢᠯᠡᠯ ᠳᠤ ᠬᠡᠷᠡᠭᠯᠡᠬᠦ ᠤᠰᠤ ᠪᠠᠨ ᠭᠠᠵᠠᠷ ᠳᠣᠣᠷᠠᠬᠢ ᠤᠰᠤ ᠶᠢ | ᠲᠠᠲᠠᠵᠤ ᠬᠡᠷᠡᠭᠯᠡᠭᠰᠡᠨ ᠪᠠᠶᠢᠪᠠᠯ᠂ ᠬᠤᠳᠠ ᠪᠤᠶᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠷᠬᠡ ᠲᠤᠰᠢᠶᠠᠯ | ᠢᠶᠠᠨ ᠦᠨᠳᠦᠰᠦᠯᠡᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠭᠠᠵᠠᠷ | ᠳᠣᠣᠷᠠᠬᠢ ᠤᠰᠤᠨ ᠤ ᠤᠰᠤ ᠲᠠᠲᠠᠬᠤ ᠪᠡᠯᠡᠳᠬᠡᠮᠵᠢ ᠶᠢ ᠬᠤᠭᠤᠴᠠᠭ᠎ᠠ ᠬᠢᠵᠠᠭᠠᠷᠯᠠᠨ ᠪᠢᠲᠡᠭᠦᠮᠵᠢᠯᠡᠭᠦᠯᠦᠨ᠎ᠡ᠂ | ᠬᠤᠭᠤᠴᠠᠭ᠎ᠠ ᠬᠡᠲᠦᠷᠡᠲᠡᠯ᠎ᠡ ᠪᠢᠲᠡᠭᠦᠮᠵᠢᠯᠡᠭᠰᠡᠨ ᠦᠭᠡᠢ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ | ᠭᠦᠢᠴᠡᠳᠬᠡᠭᠦᠯᠬᠦ ᠪᠠᠷ ᠭᠤᠶᠤᠴᠢᠯᠠᠵᠤ ᠪᠣᠯᠤᠨ᠎ᠠ᠂ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠠᠵᠤ ᠠᠬᠤᠶᠢᠯᠠᠯ | ᠡᠭᠦᠷᠭᠡᠯᠡᠵᠦ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︾ ᠭᠡᠰᠡᠨ ᠲᠣᠭᠲᠠᠭᠠᠯ ᠪᠠᠷ ᠵᠠᠷᠯᠢᠭᠳᠠᠵᠤ ᠪᠠᠶᠢᠭᠠᠳ ᠤᠰᠤᠨ | ᠰᠤᠷᠪᠤᠯᠵᠢ ᠶᠢᠨ ᠬᠤᠳᠳᠤᠭ ᠢ ᠬᠤᠭᠤᠴᠠᠭ᠎ᠠ ᠲᠣᠭᠲᠠᠭᠠᠨ ᠪᠢᠲᠡᠭᠦᠮᠵᠢᠯᠡᠭᠦᠯᠬᠦ ᠶᠢᠨ ᠬᠠᠮᠲᠤ ᠬᠠᠤᠯᠢ ᠶᠣᠰᠣᠭᠠᠷ | ᠰᠢᠢᠳᠭᠡᠨ᠎ᠡ᠃ | ᠲᠦᠷᠪᠡ᠂ ᠨᠡᠶᠢᠭᠡᠮ ᠤᠨ ᠬᠢᠨᠠᠯᠲᠠ | ᠬᠤᠲᠠ ᠶᠢᠨ ᠲᠣᠭᠤᠷᠢᠭ ᠤᠨ ᠥᠪᠡᠷᠲᠡᠭᠡᠨ ᠪᠡᠯᠡᠳᠬᠡᠭᠰᠡᠨ ᠤᠰᠤᠨ ᠰᠤᠷᠪᠤᠯᠵᠢ ᠶᠢᠨ ᠬᠤᠳᠳᠤᠭ ᠢ | ᠪᠢᠲᠡᠭᠦᠮᠵᠢᠯᠡᠬᠦ ᠪᠣᠯ ᠪᠥᠬᠦ ᠬᠤᠲᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠮᠥᠨ᠂ ᠲᠥᠪ ᠤᠨ | ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ | ᠬᠡᠮᠵᠢᠶ᠎ᠡ ᠮᠥᠨ᠂ ᠤᠰᠤᠨ ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠬᠦ ᠠᠵᠢᠯ ᠨᠢ ᠨᠡᠶᠢᠭᠡᠮ ᠤᠨ ᠢᠯᠡᠴᠢᠯᠡᠨ | ᠮᠡᠳᠡᠭᠦᠯᠬᠦ ᠪᠠ ᠬᠢᠨᠠᠯᠲᠠ ᠲᠠᠯᠪᠢᠬᠤ ᠶᠢ ᠬᠦᠯᠢᠶᠡᠨ᠎ᠡ᠃ | ᠢᠯᠡᠴᠢᠯᠡᠨ ᠮᠡᠳᠡᠭᠦᠯᠵᠦ ᠬᠢᠨᠠᠯᠲᠠ ᠲᠠᠯᠪᠢᠬᠤ ᠤᠲᠠᠰᠤ᠄ 0476 — 5303647 | ᠡᠭᠦᠨ ᠤ ᠲᠤᠯᠠ ᠣᠨᠴᠠᠭᠠᠶᠢᠯᠠᠨ ᠵᠠᠷᠯᠠᠪᠠ | | ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ | 2024 ᠣᠨ ᠤ 7 ᠰᠠᠷ᠎ᠠ ᠶᠢᠨ 24 ᠤ ᠡᠳᠦᠷ |