ᠪᠡᠭᠡᠵᠢᠩ ᠤᠨ ᠴᠠᠭ ᠢᠶᠠᠷ 8 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠲᠠᠮᠢᠷᠴᠢᠨ ᠯᠢ ᠴᠢᠶᠠᠨ | ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠤᠺᠰ ᠤᠨ ᠲᠡᠮᠡᠴᠡᠭᠡᠨ ᠤ ᠡᠮᠡᠭᠲᠡᠢ ᠶᠢᠨ 75 ᠺᠢᠯᠣᠭ᠍ᠷᠠᠮ ᠤᠨ | ᠲᠡᠰ ᠤᠨ ᠤᠷᠤᠯᠳᠤᠭᠠᠨ ᠤ ᠠᠯᠲᠠᠨ ᠮᠧᠳᠠᠯ ᠢ ᠣᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠤᠮᠳᠠᠳᠤ | ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ | ᠃ | ᠪᠠᠶᠠᠷ ᠤᠨ ᠴᠠᠭᠢᠯᠭᠠᠨ ᠴᠢᠮᠡᠭᠡ ᠳᠤ᠂ ᠥᠪᠥᠷ ᠮᠣᠩᠭᠤᠯ ᠤᠨ ᠲᠠᠮᠢᠷᠴᠢᠨ ᠯᠢ ᠴᠢᠶᠠᠨ 33 ᠳ᠋ᠤᠭᠠᠷ | ᠬᠤᠭᠤᠴᠠᠭᠠᠨ ᠤ ᠵᠤᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠪᠤᠺᠰ ᠤᠨ ᠲᠡᠮᠡᠴᠡᠭᠡᠨ ᠤ ᠲᠦᠷᠦᠯ | ᠵᠦᠢᠯ ᠤᠨ ᠡᠮᠡᠭᠲᠡᠢ ᠶᠢᠨ 75 ᠺᠢᠯᠣᠭ᠍ᠷᠠᠮ ᠤᠨ ᠲᠡᠰ ᠤᠨ ᠰᠢᠢᠳᠪᠦᠷᠢᠲᠦ ᠤᠷᠤᠯᠳᠤᠭᠠᠨ ᠳᠤ᠂ ᠵᠣᠷᠢᠭᠲᠠᠢ ᠪᠠᠷ | ᠲᠡᠮᠡᠴᠡᠨ ᠮᠠᠩᠯᠠᠶᠢᠯᠠᠵᠤ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠪᠠᠰᠠ | ᠨᠢᠭᠡ ᠠᠯᠲᠠᠨ ᠮᠧᠳᠠᠯ ᠨᠡᠮᠡᠷᠢᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠲᠠᠮᠢᠷᠴᠢᠳ ᠤᠨ ᠬᠠᠳᠠᠨ | ᠪᠠᠲᠤ ᠵᠠᠩ ᠴᠢᠨᠠᠷ ᠪᠣᠯᠣᠨ ᠤᠷᠠᠨ ᠭᠠᠷᠮᠠᠭᠠᠢ ᠤᠷᠤᠯᠳᠤᠭᠠᠨ ᠤ ᠮᠡᠷᠭᠡᠰᠢᠯ ᠤᠨ ᠲᠦᠪᠰᠢᠨ ᠢ ᠭᠦᠢᠴᠡᠳ ᠢᠯᠡᠷᠡᠭᠦᠯᠵᠦ | ᠂ ᠥᠪᠥᠷ ᠮᠣᠩᠭᠤᠯ ᠤᠨ ᠬᠥᠪᠡᠭᠦᠳ ᠥᠬᠢᠳ ᠤᠨ ︽ᠬᠦᠴᠢᠷ ᠪᠡᠷᠬᠡᠰᠢᠶᠡᠯ ᠢ ᠳᠠᠭᠠᠭᠠᠵᠤ᠂ ᠴᠤᠴᠠᠯᠲᠠ ᠦᠭᠡᠢ | ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠭᠦᠢᠴᠡᠳ | ᠢᠯᠡᠷᠡᠭᠦᠯᠵᠦ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠵᠤ᠂ ᠥᠪᠥᠷ ᠮᠣᠩᠭᠤᠯ ᠳᠠᠭᠠᠨ ᠭᠡᠷᠡᠯ ᠭᠢᠯᠪᠠᠭ᠎ᠠ | ᠨᠡᠮᠡᠷᠢᠯᠡᠵᠡᠢ︕ ᠠᠳᠡ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ᠂ ᠯᠢ | ᠴᠢᠶᠠᠨ ᠵᠢᠴᠢ ᠲᠡᠭᠦᠨ ᠤ ᠰᠤᠷᠭᠠᠭᠴᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ ᠳᠤᠮᠳᠠᠳᠤ ᠤᠯᠤᠰ ᠤᠨ | ᠪᠤᠺᠰ ᠤᠨ ᠠᠩᠭᠢ ᠶᠢᠨ ᠪᠦᠭᠦ ᠲᠠᠮᠢᠷᠴᠢᠨ᠂ ᠰᠤᠷᠭᠠᠭᠴᠢ ᠪᠠ ᠠᠵᠢᠯᠲᠠᠨ ᠳᠤ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ︕ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ | ᠲᠣᠪᠴᠢᠶ᠎ᠠ ᠶᠢᠨ ᠬᠢᠨ ᠲᠠᠮᠢᠷᠴᠢᠳ ᠢ ᠨᠠᠷᠢᠨ ᠨᠢᠮᠪᠠᠢ ᠬᠥᠮᠥᠵᠢᠭᠦᠯᠦᠭᠰᠡᠨ ᠪᠠ ᠥᠪᠥᠷ ᠮᠣᠩᠭᠤᠯ ᠤᠨ ᠪᠡᠶ᠎ᠡ ᠶᠢᠨ | ᠲᠠᠮᠢᠷ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ | ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠤᠨ ᠬᠢᠨ ᠲᠡᠷᠢᠭᠦᠨ ᠤ ᠬᠢ | ᠪᠤᠯᠬᠤ ᠪᠠᠷ ᠡᠷᠡᠯᠬᠡᠭᠯᠡᠨ ᠲᠡᠮᠡᠴᠡᠵᠦ᠂ ᠳᠠᠬᠢᠨᠲᠠ ᠰᠢᠯᠢᠳᠡᠭ ᠠᠮᠵᠢᠯᠲᠠ ᠣᠯᠬᠤ ᠶᠢ ᠴᠢᠩ ᠰᠡᠳᠬᠢᠯ ᠠᠴᠠ ᠪᠠᠨ | ᠬᠦᠰᠡᠨ ᠵᠥᠩᠨᠡᠵᠦ ᠪᠠᠶᠢᠨ᠎ᠠ ᠭᠡᠪᠡ᠃ |