ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ ᠢᠯᠡᠭᠡᠭᠰᠡᠨ ᠪᠠᠶᠠᠷ ᠤᠨ ᠴᠠᠭᠢᠯᠭᠠᠨ ᠴᠢᠮᠡᠭᠡ
ᠨᠡᠶᠢᠲᠡᠯᠡᠭᠰᠡᠨ ᠴᠠᠭ᠄
2024/8/12
ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠭᠦᠮ ᠳᠤ᠄    33 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠮᠠᠨ ᠤ ᠤᠯᠤᠰ ᠤᠨ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠥᠯᠥ ᠬᠥᠰᠡᠷᠳᠡᠭᠦᠯᠵᠦ᠂ 40 ᠠᠯᠲᠠᠨ ᠮᠧᠳᠠᠯ᠂ 27 ᠮᠥᠩᠭᠦᠨ ᠮᠧᠳᠠᠯ᠂ 24 ᠬᠦᠷᠡᠯ ᠮᠧᠳᠠᠯ ᠣᠯᠵᠤ᠂ ᠲᠠᠮᠢᠷ ᠤᠨ ᠬᠥᠳᠡᠯᠭᠡᠭᠡᠨ ᠤ ᠬᠢᠷᠢ ᠪᠦᠲᠦᠮᠵᠢ ᠪᠠ ᠣᠶᠤᠨ ᠤ ᠪᠣᠯᠪᠠᠰᠤᠨ ᠤ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠵᠦ᠂ ᠡᠬᠡ ᠤᠯᠤᠰ ᠪᠠ ᠠᠷᠠᠳ ᠲᠦᠮᠡᠨ ᠳᠡᠭᠡᠨ ᠢᠷᠠᠭᠤ ᠠᠯᠳᠠᠷ ᠠᠪᠴᠢᠷᠠᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ ᠪᠣᠯᠣᠨ ᠳᠦᠷᠦ ᠶᠢᠨ ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠪᠠᠷ ᠲᠣᠬᠤᠨᠢᠭᠤᠯᠵᠤ ᠪᠠᠶᠢᠨ᠎ᠠ︕    ᠲᠤᠰ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠲᠠ ᠨᠠᠷ ᠢᠮᠠᠭᠲᠠ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠠ ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠶᠣᠰᠣ ᠰᠤᠷᠲᠠᠬᠤᠨ ᠤ ᠠᠯᠲᠠᠨ ᠮᠧᠳᠠᠯ᠂ ᠬᠡᠪ ᠨᠠᠮᠪᠠ ᠶᠢᠨ ᠠᠯᠲᠠᠨ ᠮᠧᠳᠠᠯ᠂ ᠴᠡᠪᠡᠷ ᠠᠷᠢᠭᠤᠨ ᠤ ᠠᠯᠲᠠᠨ ᠮᠧᠳᠠᠯ ᠣᠯᠬᠤ ᠶᠢ ᠪᠠᠷᠢᠮᠲᠠᠯᠠᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠡᠷᠡᠰ ᠬᠠᠲᠠᠭᠤ ᠬᠡᠪ ᠰᠤᠷᠲᠠᠯ᠂ ᠬᠡᠲᠦ᠋ᠢᠳᠦᠭᠰᠡᠨ ᠤᠷ᠎ᠠ ᠴᠢᠳᠠᠪᠤᠷᠢ ᠪᠠᠷ ᠢᠶᠠᠨ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠪᠬᠤᠭ᠎ᠠ ᠲᠡᠭᠦᠯᠳᠡᠷ ᠡᠷᠡᠯᠬᠡᠭᠯᠡᠨ ᠤᠷᠤᠭᠰᠢᠯᠠᠬᠤ ᠴᠣ ᠰᠢᠨ᠎ᠡ ᠬᠠᠭᠤᠳᠠᠰᠤ ᠶᠢ ᠪᠢᠴᠢᠭᠯᠡᠵᠦ᠂ ᠪᠡᠶ᠎ᠡ ᠶᠢᠨ ᠲᠠᠮᠢᠷ ᠤᠨ ᠹᠷᠣᠨᠲ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠪᠡ᠃ ᠲᠠ ᠨᠠᠷ ︽ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ — ᠨᠡᠩ ᠪᠦᠯᠬᠦᠮᠳᠡᠯ ᠲᠠᠢ︾ ᠣᠯᠢᠮᠫᠢᠺ ᠤᠨ ᠰᠡᠴᠡᠯᠡᠯ ᠢ ᠢᠳᠡᠪᠬᠢᠲᠡᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠯ᠎ᠡ ᠤᠯᠤᠰ ᠡᠯ᠎ᠡ ᠭᠠᠵᠠᠷ ᠣᠷᠣᠨ ᠤ ᠲᠠᠮᠢᠷᠴᠢᠳ ᠲᠠᠢ ᠡᠷᠬᠡ ᠲᠡᠭᠰᠢ ᠪᠠᠷ ᠥᠷᠢᠰᠦᠯᠳᠦᠵᠦ᠂ ᠨᠥᠭᠦᠷᠰᠡᠭ ᠢᠶᠠᠷ ᠰᠣᠯᠢᠯᠴᠠᠵᠤ᠂ ᠤᠷ᠎ᠠ ᠴᠢᠳᠠᠪᠤᠷᠢ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠳᠡᠯᠡᠬᠡᠢ ᠳ᠋ᠠᠬᠢᠨ ᠳᠤ ᠳᠤᠮᠳᠠᠳᠤ ᠤᠯᠤᠰ ᠤᠨ ᠬᠦᠴᠦᠨ ᠴᠢᠳᠠᠯ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠭᠠᠶᠢᠬᠠᠭᠤᠯᠵᠤ᠂ ᠳᠤᠮᠳᠠᠳᠤ ᠤᠯᠤᠰ ᠤᠨ ᠲᠠᠭᠤᠨ ᠪᠣᠯᠣᠨ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠠ ᠨᠠᠷ ᠤᠨ ᠣᠯᠣᠭᠰᠠᠨ ᠰᠢᠯᠢᠳᠡᠭ ᠬᠢᠷᠢ ᠪᠦᠲᠦᠮᠵᠢ ᠪᠠ ᠭᠠᠷᠮᠠᠭᠠᠢ ᠢᠯᠡᠷᠡᠯ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠡᠬᠡ ᠣᠷᠣᠨᠴᠢ ᠬᠠᠯᠠᠭᠤᠨ ᠰᠡᠳᠬᠢᠯᠭᠡ ᠶᠢ ᠤᠯᠠᠮ ᠬᠥᠭᠵᠢᠭᠡᠵᠦ᠂ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮ ᠬᠥᠭᠵᠢᠭᠡᠨ᠂ ᠡᠷᠡᠯᠬᠡᠭᠯᠡᠨ ᠤᠷᠤᠭᠰᠢᠯᠠᠬᠤ ᠬᠦᠴᠦᠨ ᠢ ᠤᠯᠠᠮ ᠨᠢᠭᠲᠠᠷᠠᠭᠤᠯᠤᠭᠰᠠᠨ ᠶᠤᠮ᠃    ᠲᠠ ᠨᠠᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠣᠨᠢᠯᠠᠵᠤ᠂ ᠤᠯᠤᠰ ᠣᠷᠣᠨ ᠳᠠᠭᠠᠨ ᠢᠷᠠᠭᠤ ᠠᠯᠳᠠᠷ ᠣᠯᠭᠤᠬᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠢᠰᠦᠯᠳᠦᠭᠡᠨᠲᠦ ᠪᠡᠶ᠎ᠡ ᠶᠢᠨ ᠲᠠᠮᠢᠷ ᠤᠨ ᠰᠢᠨ᠎ᠡ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠵᠤ᠂ ᠤᠯᠠᠨ ᠲᠦᠮᠡᠨᠴᠢ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠥᠷᠨᠢᠭᠦᠨ ᠬᠥᠭᠵᠢᠯᠲᠡ ᠶᠢ ᠲᠠᠶᠢᠴᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ᠃ ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠢᠯᠠᠯᠲᠠ ᠲᠠᠢ ᠪᠠᠷ ᠪᠤᠴᠠᠵᠤ ᠢᠷᠡᠬᠦ ᠶᠢ ᠬᠦᠰᠡᠨ ᠬᠦᠯᠢᠶᠡᠵᠦ ᠪᠠᠶᠢᠨ᠎ᠠ︕                          ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ                          ᠲᠥᠷᠥ ᠶᠢᠨ ᠶᠠᠪᠤᠳᠠᠯ ᠤᠨ ᠬᠤᠷᠢᠶ᠎ᠠ                              2024 ᠣᠨ ᠤ 8 ᠰᠠᠷ᠎ᠠ ᠶᠢᠨ 11 ᠤ ᠡᠳᠦᠷ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号