ᠥᠪᠥᠷ ᠮᠣᠩᠭᠤᠯ 11.3 ᠳ᠋ᠦᠩᠰᠢᠭᠤᠷ ᠲᠥᠭᠦᠷᠢᠭ ᠢᠶᠠᠷ ᠵᠢᠱᠢᠶ᠎ᠡ ᠦᠵᠡᠭᠦᠯᠬᠦ ᠭᠤᠷᠪᠠᠨ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠪᠡ
ᠨᠡᠶᠢᠲᠡᠯᠡᠭᠰᠡᠨ ᠴᠠᠭ᠄
2024/8/14
    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ᠄ 2020 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠮᠥᠩᠭᠦ ᠶᠢ ᠨᠡᠶᠢᠲᠡ 11.3 ᠳ᠋ᠦᠩᠰᠢᠭᠤᠷ ᠲᠥᠭᠦᠷᠢᠭ ᠪᠠᠭᠤᠯᠭᠠᠵᠤ᠂ ᠬᠥᠬᠡᠬᠤᠲᠠ ᠪᠤᠭᠤᠲᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ᠂ ᠣᠷᠳᠣᠰ ᠬᠤᠲᠠ ᠳᠠᠬᠢ ᠤᠯᠤᠰ ᠤᠨ ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠴᠤᠪᠤᠷᠠᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠪᠠ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠡᠮᠵᠢᠵᠦ᠂ ᠲᠡᠳᠡᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠨᠢ ᠳᠡᠭᠡᠭᠰᠢᠯᠡᠭᠦᠯᠪᠡ᠃    ᠣᠶᠢᠯᠠᠭᠠᠭᠰᠠᠨ ᠢᠶᠠᠷ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠪᠠ ᠣᠷᠣᠨ ᠪᠠᠶᠢᠷᠢ ᠶᠢᠨ ᠳᠠᠪᠠᠭᠤᠯᠢᠭ ᠲᠤ ᠪᠠᠨ ᠰᠠᠭᠤᠷᠢᠯᠠᠭᠰᠠᠨ ᠵᠢᠱᠢᠶ᠎ᠡ ᠦᠵᠡᠭᠦᠯᠬᠦ ᠭᠤᠷᠪᠠᠨ ᠲᠣᠭᠤᠷᠢᠭ ᠢ ᠪᠡᠯᠡ ᠮᠥᠩᠭᠦ ᠪᠠᠷ ᠭᠤᠣᠯᠳᠠᠯᠭ᠎ᠠ ᠲᠠᠢ ᠳᠡᠮᠵᠢᠵᠦ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠶᠢ ᠲᠦᠷᠭᠡᠳᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠯᠦᠭᠡᠲᠡᠢ ᠬᠠᠮᠲᠤᠷᠠᠯᠴᠠᠬᠤ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ ᠪᠠᠶᠢᠭ᠎ᠠ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠣᠨᠴᠠᠯᠢᠭ ᠲᠠᠢ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠪᠣᠯᠣᠨ᠎ᠠ᠃    ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠶᠢᠨ ᠲᠠᠰᠤᠷᠠᠯᠲᠠ ᠦᠭᠡᠢ ᠴᠢᠷᠮᠠᠶᠢᠭᠰᠠᠨ ᠢᠶᠠᠷ᠂ 2022 ᠣᠨ ᠤ 4 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠨ ᠥᠪᠥᠷ ᠮᠣᠩᠭᠤᠯ ᠤᠨ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠶᠢ ᠴᠣᠬᠤᠯᠠᠪᠤᠷᠢᠯᠠᠨ ᠵᠥᠪᠰᠢᠶᠡᠷᠡᠵᠦ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠡᠪᠴᠢᠶᠡᠨ ᠳᠤ ᠣᠷᠣᠭᠤᠯᠵᠤ ᠬᠠᠮᠢᠶᠠᠷᠬᠤ ᠶᠢᠨ ᠬᠠᠮᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠦᠷᠲᠡᠭᠡᠬᠦ ᠪᠣᠯᠭᠠᠪᠠ︔ 2022 ᠣᠨ ᠤ 7 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠳᠣᠰ ᠬᠤᠲᠠ ᠶᠢᠨ ᠴᠥᠯᠵᠢᠬᠦ ᠶᠢ ᠰᠡᠷᠭᠡᠶᠢᠯᠡᠨ ᠵᠠᠰᠠᠬᠤ ᠪᠠ ᠪᠣᠬᠢᠷᠳᠤᠯ ᠦᠭᠡᠢ ᠬᠥᠭᠵᠢᠯᠲᠡ ᠪᠠᠷ ᠭᠤᠤᠯ ᠰᠡᠳᠦᠪ ᠪᠣᠯᠭᠠᠭᠰᠠᠨ ᠤᠯᠤᠰ ᠤᠨ ᠦᠷᠭᠦᠯᠵᠢᠯᠡᠬᠦ᠋ᠢᠴᠡ ᠬᠥᠭᠵᠢᠯᠲᠡ ᠶᠢᠨ ᠵᠥᠪᠯᠡᠬᠦ ᠴᠤᠪᠤᠷᠠᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠪᠣᠯᠭᠠᠨ ᠪᠥᠲᠥᠭᠡᠨ ᠪᠠᠶᠢᠭᠤᠯᠬᠤ ᠶᠢ ᠴᠣᠬᠤᠯᠠᠪᠤᠷᠢᠯᠠᠨ ᠵᠥᠪᠰᠢᠶᠡᠷᠡᠪᠡ︔ ᠬᠥᠬᠡᠬᠤᠲᠠ ᠪᠤᠭᠤᠲᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢᠶᠠᠨ 2024 ᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠣᠨ ᠤ ᠠᠵᠢᠯ ᠤᠨ ᠲᠣᠬᠢᠷᠠᠭᠤᠯᠤᠯᠲᠠ ᠳᠤ ᠣᠷᠣᠭᠤᠯᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ ᠪᠣᠢ᠃    ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠵᠢᠱᠢᠶ᠎ᠡ ᠦᠵᠡᠭᠦᠯᠬᠦ ᠭᠤᠷᠪᠠᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠪᠠᠯᠠ ᠮᠥᠩᠭᠦ ᠶᠢᠨ ᠳᠡᠮᠵᠢᠯᠭᠡ ᠶᠢ ᠦᠷᠭᠦᠯᠵᠢᠯᠡᠨ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠴᠢᠬᠤᠯᠠ ᠡᠬᠢ ᠰᠤᠷᠪᠤᠯᠵᠢ ᠪᠠ ᠠᠩᠬᠠᠨ ᠤ ᠰᠢᠨ᠎ᠡ ᠡᠭᠦᠳᠦᠯᠲᠡ ᠶᠢᠨ ᠭᠤᠣᠯ ᠪᠣᠯᠬᠤ ᠭᠤᠯᠣᠮᠲᠠ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠡᠳ᠋ ᠤᠨ ᠵᠠᠰᠠᠭ ᠤᠨ ᠬᠦᠴᠦᠨ ᠢᠶᠠᠨ ᠨᠡᠮᠡᠷᠢᠯᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号