8 ᠰᠠᠷ᠎ᠠ ᠶᠢᠨ 14 ᠠᠴᠠ 16 ᠤ ᠡᠳᠦᠷ ᠪᠤᠯᠲᠠᠯ᠎ᠠ᠂ ᠪᠦᠭᠦ ᠣᠷᠣᠨ ᠤ ᠤᠯᠤᠰ ᠲᠦᠷᠦ ᠬᠠᠤᠯᠢ | ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠭᠦᠭᠡᠬᠤᠲᠠ ᠳᠤ | ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠲᠤᠰᠬᠠᠢ ᠰᠡᠳᠦᠪ ᠢᠶᠠᠷ | ᠬᠠᠪᠰᠤᠷᠤᠨ ᠵᠢᠯᠣᠭᠤᠳᠪᠠ᠃ | ᠲᠣᠰ ᠤᠳᠠᠭ᠎ᠠ ᠶᠢᠨ ᠪᠣᠯᠪᠠᠰᠤᠷᠠᠯ ᠨᠢ ︽ᠵᠠᠩᠭᠢᠯᠠᠭ᠎ᠠ ᠶᠢᠨ ᠴᠥᠭᠡᠨ ᠲᠣᠭᠠᠲᠠᠨ︾ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ | ᠢᠲᠡᠭᠡᠵᠦ ᠦᠢᠯᠡᠳᠦᠯᠭᠡᠵᠢᠭᠦᠯᠦᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ | ᠨᠠᠷᠢᠨ ᠪᠤᠳᠤᠯᠢᠶᠠᠨᠲᠠᠢ ᠲᠡᠮᠡᠴᠡᠯ ᠢ ᠠᠷᠭᠠᠴᠠᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠬᠦ ᠪᠣᠯᠣᠨ᠎ᠠ᠃ |