ᠶᠡᠷᠦᠩᠬᠡᠢ ᠪᠠᠶᠢᠳᠠᠯ | 1 - 7 ᠳ᠋ᠤᠭᠠᠷ ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ | ᠪᠠᠭᠲᠠᠬᠤ ᠦᠭᠡᠢ︶ ᠶᠢᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.5% | ᠪᠠᠷ ᠨᠡᠮᠡᠭᠳᠡᠵᠦ᠂ ᠪᠥᠬᠦ ᠬᠤᠲᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.7 ᠵᠠᠭᠤᠨ ᠤ ᠨᠢᠭᠡᠴᠢ ᠥᠨᠳᠥᠷ | ᠪᠣᠯᠪᠠ᠃ | ︵ᠨᠢᠭᠡ︶ ᠲᠦᠷᠦᠯ ᠵᠦᠢᠯ ᠤᠨ ᠬᠤᠪᠢᠶᠠᠷᠢᠯᠠᠯ ᠠᠴᠠ ᠦᠵᠡᠪᠡᠯ | 500 - 5000 ᠲᠦᠮᠡ ᠠᠴᠠ ᠳᠡᠭᠡᠭᠰᠢᠬᠢ ᠲᠥᠷᠥᠯ ᠵᠦᠢᠯ 100 ᠪᠠᠶᠢᠵᠤ᠂ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 38.6% ᠪᠠᠷ ᠨᠡᠮᠡᠭᠳᠡᠪᠡ︔ 5000 ᠲᠦᠮᠡ ᠠᠴᠠ | ᠳᠡᠭᠡᠭᠰᠢᠬᠢ ᠲᠥᠷᠥᠯ ᠵᠦᠢᠯ 49 ᠪᠠᠶᠢᠵᠤ᠂ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 2. | 7% ᠪᠠᠷ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 46.2% ᠢᠶᠠᠷ ᠨᠡᠮᠡᠭᠳᠡᠪᠡ᠃ | ︵ᠬᠤᠶᠠᠷ︶ ᠠᠵᠤ ᠦᠢᠯᠡᠰ ᠤᠨ ᠪᠦᠲᠦᠴᠡ ᠠᠴᠠ ᠦᠵᠡᠪᠡᠯ | ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 38% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢ 10.1 ᠵᠠᠭᠤᠨ ᠤ ᠨᠢᠭᠡᠴᠢ | ᠳᠡᠭᠡᠭᠰᠢ ᠳᠠᠳᠠᠵᠠᠢ︔ ᠬᠤᠶᠠᠳᠤᠭᠠᠷ ᠠᠵᠤ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 28% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢ | 13.7 ᠵᠠᠭᠤᠨ ᠤ ᠨᠢᠭᠡᠴᠢ ᠪᠠᠭᠤᠷᠠᠭᠤᠯᠪᠠ︔ ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠤᠨ | ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 81.7% ᠪᠠᠷ ᠨᠡᠮᠡᠭᠳᠡᠵᠦ᠂ ᠪᠥᠬᠦ | ᠪᠡᠯᠡ ᠣᠷᠣᠭᠤᠯᠤᠯᠲᠠ ᠶᠢ 20.1 ᠵᠠᠭᠤᠨ ᠤ ᠨᠢᠭᠡᠴᠢ ᠳᠡᠭᠡᠭᠰᠢ ᠳᠠᠳᠠᠪᠠ᠃ | ︵ᠭᠤᠷᠪᠠ︶ ᠭᠤᠷᠪᠠᠨ ᠶᠡᠭᠡ ᠬᠦᠷᠢᠶ᠎ᠡ ᠬᠡᠪᠴᠢᠶᠡᠨ ᠤ ᠲᠠᠯ᠎ᠠ ᠠᠴᠠ ᠠᠪᠴᠤ ᠦᠵᠡᠪᠡᠯ | ᠦᠢᠯᠡᠳᠬᠦ ᠦᠢᠯᠡᠰ ᠤᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 1.1% ᠪᠠᠷ ᠪᠠᠭᠤᠷᠠᠪᠠ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠬᠦ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 46.2% | ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠶᠡᠯᠡᠭᠦᠯᠦᠭᠰᠡᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43.8% ᠪᠠᠷ ᠪᠠᠭᠤᠷᠠᠵᠤ᠂ ᠪᠦᠬᠦ ᠪᠡᠯᠡ | ᠣᠷᠣᠭᠤᠯᠤᠯᠲᠠ ᠶᠢ 15.8 ᠵᠠᠭᠤᠨ ᠤ ᠨᠢᠭᠡᠴᠢ ᠳᠣᠷᠣᠭᠰᠢᠯᠠᠭᠤᠯᠪᠠ᠃ | ︵ᠳᠥᠷᠪᠡ︶ ᠭᠤᠣᠯᠳᠠᠯᠭ᠎ᠠ ᠲᠠᠢ ᠲᠥᠷᠥᠯ ᠵᠦᠢᠯ ᠤᠨ ᠲᠠᠯ᠎ᠠ ᠠᠴᠠ ᠦᠵᠡᠪᠡᠯ | 2024 ᠣᠨ ᠳᠤ ᠮᠠᠨ ᠤ ᠰᠢᠶᠠᠨ ᠤ ᠭᠤᠣᠯᠳᠠᠯᠭ᠎ᠠ ᠲᠠᠢ ᠲᠥᠷᠥᠯ ᠵᠦᠢᠯ 52 ᠪᠠᠶᠢᠵᠤ᠂ 1-7 ᠳ᠋ᠤᠭᠠᠷ | ᠰᠠᠷ᠎ᠠ ᠳᠤ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 49.7% ᠬᠦᠷᠴᠦ᠂ ᠣᠲᠣ ᠪᠣᠯᠲᠠᠯ᠎ᠠ 47 ᠶᠢ | ᠨᠢ ᠬᠥᠮᠥᠷᠭᠡ ᠳᠤ ᠣᠷᠣᠭᠤᠯᠪᠠ᠃ |