ᠯᠢᠨᠰᠢ ᠰᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2024/8/28
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ ᠶᠢᠨ ᠬᠠᠤᠯᠢ︾ ᠪᠠ ︽ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠡᠳᠦᠭᠡ ᠯᠢᠨᠰᠢ ᠰᠢᠶᠠᠨ ᠤ 2024 ᠣᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠵᠦᠢᠯᠡᠰ ᠤᠨ ᠲᠤᠬᠠᠶ ᠳᠣᠤᠷᠠᠬᠢ ᠮᠡᠲᠦ ᠵᠠᠷᠯᠠᠶ᠎ᠠ᠃     ᠨᠢᠭᠡ᠂ ᠰᠣᠩᠭᠤᠨ ᠲᠣᠮᠢᠯᠠᠬᠤ ᠲᠤᠭ᠎ᠠ      ᠪᠦᠬᠦ ᠰᠢᠶᠠᠨ ᠢᠶᠠᠷ ᠢᠶᠠᠨ ᠨᠡᠶᠢᠳᠡ 114 ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠵᠤ᠂ ᠡᠭᠦᠨ ᠤ ᠳᠣᠲᠣᠷ᠎ᠠ ᠲᠣᠬᠢᠶᠠᠯᠳᠤᠯ ᠢᠶᠠᠷ ᠰᠣᠩᠭᠤᠬᠤ ᠠᠷᠭ᠎ᠠ ᠪᠠᠷ 92 ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠨ᠎ᠠ︔ ᠬᠤᠪᠢ ᠬᠥᠮᠦᠨ ᠭᠤᠶᠤᠴᠢᠯᠠᠬᠤ ᠪᠠ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠠᠷᠭ᠎ᠠ ᠮᠠᠶ᠋ᠢᠭ ᠢᠶᠠᠷ 22 ᠠᠷᠠᠳ ᠤᠨ ᠬᠠᠪᠰᠤᠷᠤᠨ ᠰᠢᠭᠦᠭᠴᠢ ᠶᠢ  ᠰᠣᠩᠭᠤᠨ ᠲᠣᠮᠢᠯᠠᠨ᠎ᠠ᠃     ᠬᠤᠶᠠᠷ᠂ ᠰᠣᠩᠭᠤᠨ ᠲᠣᠮᠢᠯᠠᠬᠤ ᠨᠥᠬᠦᠴᠡᠯ      ︵ᠨᠢᠭᠡ︶ ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠪᠦᠷᠢᠯᠳᠦᠭᠦᠯᠬᠦ ᠶᠣᠰᠣᠲᠠᠢ ᠨᠥᠬᠦᠴᠡᠯ᠄      1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠨ᠎ᠡ︔      2. ᠪᠦᠬᠦᠯᠢ ᠬᠤᠷᠢᠨ ᠨᠠᠢᠮᠠᠨ ᠨᠠᠰᠤ ᠬᠦᠷᠦᠭᠰᠡᠨ︔      3. ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠵᠠᠩ ᠰᠤᠷᠲᠠᠯ ᠰᠠᠶᠢᠲᠠᠶ᠂ ᠲᠥᠪ ᠭᠤᠣᠯᠴᠢ ᠪᠠᠶᠢᠬᠤ︔      4. ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠪᠠᠶᠢᠳᠠᠯ ᠢᠶᠠᠷ ᠭᠦᠢᠴᠡᠳᠬᠡᠬᠦ ᠪᠡᠶ᠎ᠡ ᠮᠠᠬᠠᠪᠣᠳ ᠤᠨ ᠨᠥᠬᠦᠴᠡᠯ ᠲᠠᠢ ᠪᠠᠶᠢᠬᠤ︔      ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠡᠩ ᠤᠨ ᠪᠠᠶᠢᠳᠠᠯ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠠᠶᠢᠬᠤ ᠬᠡᠷᠡᠭᠲᠡᠶ᠃      ︵ᠬᠤᠶᠠᠷ︶ ᠳᠣᠣᠷ᠎ᠠ ᠵᠢᠭᠰᠠᠭᠠᠭᠰᠠᠨ ᠬᠥᠮᠦᠰ ᠠᠷᠠᠳ ᠤᠨ ᠬᠠᠪᠰᠤᠷᠤᠨ ᠰᠢᠭᠦᠭᠴᠢ ᠪᠤᠯᠵᠤ ᠪᠣᠯᠬᠤ ᠦᠭᠡᠢ᠄      1. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ︔      2. ᠬᠠᠤᠯᠢᠴᠢ᠂ ᠠᠯᠪᠠᠨ ᠭᠡᠷᠡᠴᠢᠯᠡᠭᠴᠢ᠂ ᠬᠥᠨᠳᠡᠯᠡᠨ ᠠᠴᠠ ᠲᠠᠰᠤᠯᠤᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠳᠠᠨ︔      3.ᠲᠤᠰᠢᠶᠠᠯ ᠤᠨ ᠰᠢᠯᠲᠠᠭᠠᠨ ᠠᠴᠠ ᠪᠤᠯᠵᠤ ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠲᠤᠬᠢᠷᠠᠬᠤ ᠦᠭᠡᠢ ᠪᠤᠰᠤᠳ ᠬᠥᠮᠦᠰ᠃      ︵ᠭᠤᠷᠪᠠ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠢ ᠡᠭᠦᠷᠭᠡᠯᠡᠵᠦ ᠪᠣᠯᠬᠤ ᠦᠭᠡᠢ᠄      1. ᠡᠷᠡᠭᠦᠦ ᠶᠢᠨ ᠰᠢᠢᠳᠭᠡᠯ ᠣᠯᠵᠤ ᠥᠩᠭᠡᠷᠡᠭᠰᠡᠨ︔      2. ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ︔      3. ᠬᠠᠤᠯᠢᠴᠢ᠂ ᠠᠯᠪᠠᠨ ᠭᠡᠷᠡᠴᠢᠯᠡᠭᠴᠢ ᠶᠢᠨ ᠠᠵᠢᠯ ᠡᠷᠬᠢᠯᠡᠬᠦ ᠦᠨᠡᠮᠯᠡᠯ ᠢᠶᠠᠨ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ︔       4. ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠤᠯᠤᠭᠰᠠᠨ︔      5. ᠵᠠᠯᠬᠠᠭᠠᠨ ᠴᠡᠭᠡᠷᠯᠡᠭᠦᠯᠦᠭᠳᠡᠭᠰᠡᠨ ᠠᠴᠠ ᠪᠤᠯᠵᠤ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠠᠴᠠ ᠪᠠᠨ ᠤᠭᠴᠠᠷᠠᠭᠤᠯᠤᠭᠳᠠᠭᠰᠠᠨ︔      6. ᠬᠠᠤᠯᠢ  ᠪᠠ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢ ᠨᠥᠯᠥᠭᠡᠯᠡᠵᠦ ᠮᠡᠳᠡᠬᠦ ᠪᠠᠶᠢᠳᠠᠯ ᠲᠠᠢ᠃     ᠭᠤᠷᠪᠠ᠂ ᠰᠣᠩᠭᠤᠨ ᠲᠣᠮᠢᠯᠠᠬᠤ ᠠᠯᠬᠤᠮ ᠳᠠᠷᠠᠭᠠᠯᠠᠯ      ᠲᠣᠬᠢᠶᠠᠯᠳᠤᠯ ᠢᠶᠠᠷ ᠰᠣᠩᠭᠤᠬᠤ᠂ ᠬᠤᠪᠢ ᠬᠥᠮᠦᠨ ᠭᠤᠶᠤᠴᠢᠯᠠᠬᠤ ᠪᠠ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠣᠩᠭᠤᠨ ᠲᠣᠮᠢᠯᠠᠨ᠎ᠠ᠃      ᠲᠣᠬᠢᠶᠠᠯᠳᠤᠯ ᠢᠶᠠᠷ ᠰᠣᠩᠭᠤᠨ ᠰᠣᠩᠭᠤᠬᠤ ᠶᠢ ᠯᠢᠨᠰᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠯᠢᠨᠰᠢ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠯᠢᠨᠰᠢ ᠰᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠨᠥᠬᠦᠴᠡᠯ ᠳᠤ ᠨᠡᠶᠢᠴᠡᠬᠦ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠨᠡᠷᠡᠰ ᠤᠨ ᠳᠣᠲᠣᠷ᠎ᠠ ᠠᠴᠠ ᠲᠣᠬᠢᠶᠠᠯᠳᠤᠯ ᠢᠶᠠᠷ ᠲᠣᠭᠲᠠᠭᠠᠨ᠎ᠠ᠃      ᠬᠤᠪᠢ ᠬᠥᠮᠦᠨ ᠠᠷᠠᠳ ᠤᠨ ᠬᠠᠪᠰᠤᠷᠤᠨ ᠰᠢᠭᠦᠭᠴᠢ ᠪᠣᠯᠬᠤ ᠪᠠᠷ ᠭᠤᠶᠤᠴᠢᠯᠠᠪᠠᠯ᠂ 2024 ᠣᠨ ᠤ 9 ᠰᠠᠷ᠎ᠠ ᠶᠢᠨ 28 ᠤ ᠡᠳᠦᠷ ᠠᠴᠠ ᠡᠮᠦᠨ᠎ᠡ ᠯᠢᠨᠰᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠪᠡᠶ᠎ᠡ ᠶᠢᠨ ᠦᠨᠡᠮᠯᠡᠯ ︵ᠶᠠᠪᠤᠭᠤᠯ ᠬᠥᠮᠦᠨ ᠠᠮᠠ ᠣᠷᠣᠰᠢᠨ ᠰᠠᠭᠤᠭᠰᠠᠨ ᠪᠠᠶᠢᠳᠠᠯ ᠤᠨ ᠭᠡᠷᠡᠴᠢ ᠬᠠᠩᠭᠠᠬᠤ ᠬᠡᠷᠡᠭᠲᠡᠶ︶᠂ ᠰᠤᠷᠤᠯᠭ᠎ᠠ ᠶᠢᠨ ᠨᠠᠮᠲᠠᠷ ᠤᠨ ᠭᠡᠷᠡᠴᠢ ᠵᠡᠷᠭᠡ ᠪᠢᠴᠢᠭ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠣ ︽ᠯᠢᠨᠰᠢ ᠰᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ᠎ᠠ᠃      ᠵᠣᠬᠢᠶᠠᠨ ᠪᠠᠶᠢᠭᠤᠯᠤᠯᠲᠠ ᠠᠴᠠ ᠠᠷᠠᠳ ᠤᠨ ᠬᠠᠪᠰᠤᠷᠤᠨ ᠰᠢᠭᠦᠭᠴᠢ ᠪᠣᠯᠭᠠᠬᠤ ᠪᠠᠷ ᠲᠠᠨᠢᠯᠴᠠᠭᠤᠯᠤᠭᠰᠠᠨ ᠪᠠᠶᠢᠪᠠᠯ᠂ ᠲᠠᠨᠢᠯᠴᠠᠭᠤᠯᠤᠭᠳᠠᠭᠴᠢ ᠶᠢᠨ ᠪᠠᠶᠢᠭ᠎ᠠ ᠨᠢᠭᠡᠴᠢ᠂ ᠬᠠᠷᠢᠶ᠎ᠠ ᠰᠠᠭᠤᠭᠠᠯᠢ ᠠᠷᠠᠳ ᠤᠨ ᠵᠥᠪᠯᠡᠯ ᠪᠤᠶᠤ ᠭᠠᠴᠠᠭᠠᠨ ᠤ ᠠᠷᠠᠳ ᠤᠨ ᠵᠥᠪᠯᠡᠯ᠂ ᠠᠷᠠᠳ ᠤᠨ ᠪᠦᠯᠬᠦᠮ ᠠᠴᠠ ᠲᠤᠰ ᠬᠥᠮᠦᠨ ᠤ ᠵᠥᠪᠰᠢᠶᠡᠷᠡᠯ ᠢ ᠣᠯᠤᠭᠰᠠᠨ ᠤ ᠲᠠᠷᠠᠭ᠎ᠠ᠂ 2024 ᠣᠨ ᠤ 9 ᠰᠠᠷ᠎ᠠ ᠶᠢᠨ 28 ᠤ ᠡᠳᠦᠷ ᠠᠴᠠ ᠡᠮᠦᠨ᠎ᠡ ᠯᠢᠨᠰᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠲᠠᠨᠢᠯᠴᠠᠭᠤᠯᠤᠭᠴᠢ ᠶᠢᠨ ᠲᠣᠪᠴᠢ ᠨᠠᠮᠲᠠᠷ᠂ ᠪᠡᠶ᠎ᠡ ᠶᠢᠨ ᠦᠨᠡᠮᠯᠡᠯ ︵ᠶᠠᠪᠤᠭᠤᠯ ᠬᠥᠮᠦᠨ ᠠᠮᠠ ᠣᠷᠣᠰᠢᠨ ᠰᠠᠭᠤᠭᠰᠠᠨ ᠪᠠᠶᠢᠳᠠᠯ ᠤᠨ ᠭᠡᠷᠡᠴᠢ ᠬᠠᠩᠭᠠᠬᠤ ᠴᠢᠬᠤᠯᠠᠲᠠᠶ︶᠂ ᠰᠤᠷᠤᠯᠭ᠎ᠠ ᠶᠢᠨ ᠨᠠᠮᠲᠠᠷ ᠤᠨ ᠭᠡᠷᠡᠴᠢ ᠵᠡᠷᠭᠡ ᠪᠢᠴᠢᠭ ᠤᠨ ᠮᠠᠲ᠋ᠧᠷᠢᠶᠠᠯ ᠢ ᠲᠤᠰᠢᠶᠠᠬᠤ ᠶᠢᠨ ᠬᠠᠮᠲᠤ ︽ᠯᠢᠨᠰᠢ ᠰᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢ ᠲᠠᠨᠢᠯᠴᠠᠭᠤᠯᠬᠤ ᠬᠦᠰᠦᠨᠦᠭᠲᠦ︾ ᠶᠢ ᠲᠠᠭᠯᠠᠨ᠎ᠠ᠃      ᠬᠤᠪᠢ ᠬᠥᠮᠦᠨ ᠭᠤᠶᠤᠴᠢᠯᠠᠬᠤ ᠪᠠ ᠵᠣᠬᠢᠶᠠᠨ ᠪᠠᠶᠢᠭᠤᠯᠣᠯᠲᠠ ᠲᠠᠨᠢᠯᠴᠠᠭᠤᠯᠬᠤ ᠠᠵᠢᠯᠲᠠᠨ ᠡᠯᠧᠺᠲᠷᠣᠨ ᠬᠦᠰᠦᠨᠦᠭᠲᠦ ᠶᠢ ᠥᠪᠡᠰᠦᠪᠡᠨ ᠪᠠᠭᠤᠯᠭᠠᠨ ᠠᠪᠴᠤ ᠲᠠᠭᠯᠠᠨ ᠮᠡᠳᠡᠭᠦᠯᠬᠦ ᠶᠢᠨ ᠬᠠᠮᠲᠤ᠂ ᠬᠡᠷᠡᠭᠰᠡᠬᠦ ᠮᠠᠲ᠋ᠧᠷᠢᠶᠠᠯ ᠢ ᠬᠠᠮᠲᠤ ᠳᠤᠨᠢ ᠯᠢᠨᠰᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠤᠨ ᠨᠡᠷ᠎ᠡ ᠮᠡᠳᠡᠭᠦᠯᠬᠦ ᠴᠣᠩᠬᠤᠨ ᠳᠤ ᠬᠦᠷᠭᠡᠬᠦ ᠬᠡᠷᠡᠭᠲᠡᠶ᠃      ᠨᠡᠷ᠎ᠡ ᠮᠡᠳᠡᠭᠦᠯᠬᠦ ᠴᠠᠭ᠄ 2024 ᠣᠨ ᠤ 8 ᠰᠠᠷ᠎ᠠ ᠶᠢᠨ 28 ᠤ ᠡᠳᠦᠷ ᠠᠴᠠ 2024 ᠣᠨ ᠤ 9 ᠰᠠᠷ᠎ᠠ ᠶᠢᠨ 28 ᠤ ᠡᠳᠦᠷ ᠪᠣᠯᠲᠠᠯ᠎ᠠ᠃      ᠨᠡᠷ᠎ᠡ ᠮᠡᠳᠡᠭᠦᠯᠬᠦ ᠬᠠᠶ᠋ᠢᠭ᠄ ᠯᠢᠨᠰᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠢᠭᠡᠳᠦᠭᠡᠷ ᠳᠠᠪᠬᠤᠷᠯᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠃      ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30᠃     ᠳᠥᠷᠪᠡ᠂ ᠬᠢᠷᠢ ᠬᠡᠮ ᠤᠨ ᠬᠢᠨᠠᠨ ᠪᠠᠶᠢᠴᠠᠭᠠᠯᠲᠠ      ᠯᠢᠨᠰᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠯᠢᠨᠰᠢ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠵᠤ ᠪᠠᠶᠢᠭᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ ᠶᠢᠨ ᠬᠠᠤᠯᠢ︾ ᠶᠢᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠢᠷᠢ ᠬᠡᠮ ᠤᠨ ᠬᠢᠨᠠᠨ ᠪᠠᠶᠢᠴᠠᠭᠠᠯᠲᠠ ᠬᠢᠨ᠎ᠡ᠃ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠰᠡᠳ ᠤᠨ ᠨᠡᠷᠡᠰ ᠢ ᠲᠣᠭᠲᠠᠭᠠᠭᠰᠠᠨ ᠤ ᠲᠠᠷᠠᠭ᠎ᠠ᠂ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠰᠡᠳ ︽ᠯᠢᠨᠰᠢ ᠰᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠰᠡᠳ ᠢ ᠳᠠᠩᠰᠠᠯᠠᠬᠤ ᠬᠦᠰᠦᠨᠦᠭᠲᠦ︾ ᠶᠢ ᠲᠠᠭᠯᠠᠵᠤ ᠳᠡᠪᠰᠢᠭᠦᠯᠦᠨ᠎ᠡ᠃      ᠲᠠᠪᠤ᠂ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠬᠦ      ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠰᠡᠳ ᠢ ᠯᠢᠨᠰᠢ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠠᠴᠠ ᠯᠢᠨᠰᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠭᠡᠳ ᠲᠣᠮᠢᠯᠠᠨ᠎ᠠ᠃     ᠵᠢᠷᠭᠤᠭ᠎ᠠ᠂ ᠲᠤᠰᠢᠶᠠᠯ ᠳᠤ ᠭᠠᠷᠬᠤ ᠲᠠᠩᠭᠠᠷᠢᠭ      ᠠᠷᠠᠳ ᠤᠨ ᠬᠠᠪᠰᠤᠷᠤᠨ ᠰᠢᠭᠦᠭᠴᠢ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠣᠮᠢᠯᠠᠭᠰᠠᠨ ᠤ ᠲᠠᠷᠠᠭ᠎ᠠ᠂ ᠢᠯᠡ ᠪᠠᠷ ᠲᠤᠰᠢᠶᠠᠯ ᠳᠤ ᠭᠠᠷᠬᠤ ᠲᠠᠩᠭᠠᠷᠢᠭ ᠬᠢᠬᠦ ᠬᠡᠷᠡᠭᠲᠡᠶ᠃ ᠠᠷᠠᠳ ᠤᠨ ᠬᠠᠪᠰᠤᠷᠤᠨ ᠰᠢᠭᠦᠭᠴᠢ ᠶᠢᠨ ᠲᠠᠩᠭᠠᠷᠢᠭ ᠤᠨ ᠦᠭᠡ ᠨᠢ᠄ ᠪᠢ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ᠂ ᠪᠢ ᠲᠠᠩᠭᠠᠷᠢᠭᠯᠠᠶ᠎ᠠ᠄ ᠤᠯᠤᠰ ᠣᠷᠣᠨ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠳᠤ ᠦᠨᠡᠨᠴᠢ ᠰᠢᠳᠤᠷᠭᠤ᠂ ᠬᠠᠤᠯᠢ ᠶᠣᠰᠣᠭᠠᠷ ᠰᠢᠭᠦᠨ ᠲᠠᠰᠤᠯᠬᠤ ᠠᠵᠢᠯᠯᠠᠭ᠎ᠠ ᠳᠤ ᠣᠷᠣᠯᠴᠠᠵᠤ᠂ ᠦᠨᠡᠨᠴᠢ ᠪᠠᠷ ᠰᠢᠭᠦᠨ ᠲᠠᠰᠤᠯᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠶ᠂ ᠲᠦᠪ ᠶᠤᠰᠤ ᠪᠠᠷ ᠰᠢᠭᠦᠨ ᠲᠠᠰᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ︕      ᠠᠷᠠᠳ ᠤᠨ ᠬᠠᠪᠰᠤᠷᠤᠨ ᠰᠢᠭᠦᠭᠴᠢ ᠬᠠᠤᠯᠢ ᠶᠣᠰᠣᠭᠠᠷ ᠠᠷᠠᠳ ᠲᠦᠮᠡᠨ ᠢ ᠲᠥᠯᠥᠭᠡᠯᠡᠨ ᠠᠷᠠᠳ ᠤᠨ ᠰᠢᠭᠦᠬᠦ ᠬᠤᠷᠢᠶᠠᠨ ᠤ ᠰᠢᠭᠦᠨ ᠲᠠᠰᠤᠯᠬᠤ ᠠᠵᠢᠯᠯᠠᠭ᠎ᠠ ᠳᠤ ᠣᠷᠣᠯᠴᠠᠬᠤ ᠪᠣᠯ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠡᠷᠬᠡ ᠶᠢᠨ ᠪᠣᠳᠠᠲᠠᠶ ᠢᠯᠡᠷᠡᠯ ᠪᠣᠯᠬᠤ ᠮᠥᠷᠲᠡᠭᠡᠨ ᠪᠠᠰᠠ ᠴᠤ ᠨᠢᠭᠡᠨ ᠢᠷᠠᠭᠤ ᠠᠯᠳᠠᠷᠲᠠᠢ ᠲᠤᠰᠢᠶᠠᠯ ᠬᠠᠷᠢᠭᠤᠴᠠᠯᠭ᠎ᠠ ᠪᠠ ᠡᠭᠦᠷᠭᠡ ᠮᠥᠨ᠂ ᠨᠥᠬᠦᠴᠡᠯ ᠳᠤ ᠨᠡᠶᠢᠴᠡᠬᠦ ᠠᠷᠠᠳ ᠢᠷᠭᠡᠳ ᠤᠨ ᠢᠳᠡᠪᠬᠢᠲᠡᠶ ᠪᠠᠷ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠣᠭᠲᠣᠵᠣ ᠪᠠᠶᠢᠨ᠎ᠠ᠃      ᠬᠤᠯᠪᠣᠭᠳᠠᠵᠣ ᠠᠰᠠᠭᠤᠨ ᠯᠠᠪᠯᠠᠬᠤ ᠤᠲᠠᠰᠤ᠄ 0476 — 5323148      ᠬᠢᠨᠠᠯᠲᠠ ᠲᠠᠯᠪᠢᠵᠤ ᠠᠰᠠᠭᠤᠨ ᠯᠠᠪᠯᠠᠬᠤ ᠤᠲᠠᠰᠤ᠄ 0476 — 5322550            ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                                                      ᠯᠢᠨᠰᠢ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ                                  ᠯᠢᠨᠰᠢ ᠰᠢᠶᠠᠨ ᠤ ᠠᠷᠠᠳ ᠤᠨ ᠰᠢᠭᠦᠬᠦ ᠬᠤᠷᠢᠶ᠎ᠠ                                  ᠯᠢᠨᠰᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                      2024 ᠣᠨ ᠤ 8 ᠰᠠᠷ᠎ᠠ ᠶᠢᠨ 28 ᠤ ᠡᠳᠦᠷ
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号