1-7 ᠳ᠋ᠣᠭᠠᠷ ᠰᠠᠷ᠎ᠠ ᠳᠤ ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠣᠴᠠ 6.9% ᠬᠦᠷᠪᠡ
ᠨᠡᠶᠢᠲᠡᠯᠡᠭᠰᠡᠨ ᠴᠠᠭ᠄
2024/8/28
      2024  ᠣᠨ ᠤ 1 —7 ᠳ᠋ᠣᠭᠠᠷ ᠰᠠᠷ᠎ᠠ ᠳᠤ᠂ ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠶᠡᠷᠦᠩᠬᠡᠢ ᠳᠤ ᠪᠠᠨ ᠲᠣᠭᠲᠠᠭᠤᠨ ᠢᠶᠠᠷ ᠠᠵᠢᠯᠯᠠᠵᠣ᠂ ᠨᠡᠮᠡᠭᠳᠠᠯ ᠦᠷᠳᠡᠭ ᠨᠢ ᠠᠳᠠᠯᠢ ᠬᠤᠭᠤᠴᠠᠭᠠᠨ  ᠤ ᠬᠢ ᠠᠴᠠ6.9% ᠪᠠᠷ ᠨᠡᠮᠡᠭᠳᠡᠪᠡ᠃      ᠭᠤᠷᠪᠠᠨ ᠶᠡᠭᠡ ᠲᠦᠷᠦᠯ ᠳᠤ ᠬᠤᠪᠢᠶᠠᠵᠣ ᠦᠵᠡᠪᠡᠯ      1-7 ᠳ᠋ᠣᠭᠠᠷ ᠰᠠᠷ᠎ᠠ ᠳᠤ᠂ ᠠᠭᠤᠷᠬᠠᠢ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 34.7%  ᠪᠠᠷ ᠪᠠᠭᠤᠷᠠᠪᠠ︔ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 23.5% ᠪᠠᠷ ᠨᠡᠮᠡᠭᠳᠡᠪᠡ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 18.9% ᠪᠠᠷ ᠪᠠᠭᠤᠷᠠᠪᠠ᠃      ᠠᠵᠤ ᠠᠬᠤᠢ ᠶᠢᠨ ᠲᠦᠷᠦᠯ ᠵᠦᠢᠯ ᠢᠶᠠᠷ ᠬᠤᠪᠢᠶᠠᠵᠤ ᠦᠵᠡᠪᠡᠯ      1-7 ᠳ᠋ᠣᠭᠠᠷ ᠰᠠᠷ᠎ᠠ ᠳᠤ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 32.7% ᠪᠠᠭᠤᠷᠠᠪᠠ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠪᠡ  ᠃      ᠠᠵᠤ ᠠᠬᠤᠢ ᠶᠢᠨ ᠦᠷ᠎ᠡ ᠠᠰᠢᠭ ᠤᠨ ᠲᠠᠯ᠎ᠠ ᠠᠴᠠ ᠠᠪᠴᠦ ᠦᠵᠡᠪᠡᠯ      2024 ᠣᠨ ᠤ 1-7 ᠳ᠋ᠣᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 51.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4% ᠪᠠᠭᠤᠷᠠᠪᠠ︔ 7 ᠳ᠋ᠣᠭᠠᠷ ᠰᠠᠷ᠎ᠠ ᠳᠤ 5.95 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠵᠢᠯ ᠤᠨ ᠡᠬᠢᠨ ᠠᠴᠠ ᠣᠳᠣ ᠬᠦᠷᠲᠡᠯᠡᠬᠢ ᠪᠥᠬᠦ ᠵᠢᠯ ᠤᠨ ᠡᠵᠡᠩᠨᠡᠯᠲᠡ ᠶᠢᠨ ᠣᠷᠣᠯᠭ᠎ᠠ ᠶᠢᠨ 11.6% ᠶᠢᠨ ᠨᠡᠮᠡᠷᠢ ᠦᠵᠡᠭᠦᠯᠪᠡ᠃ ᠡᠭᠦᠨ ᠳᠤ᠂ ᠦᠢᠯᠡᠳᠬᠦ ᠦᠢᠯᠡᠰ ᠤᠨ 7 ᠳ᠋ᠣᠭᠠᠷ ᠰᠠᠷ᠎ᠠ ᠶᠢᠨ ᠡᠵᠡᠩᠨᠡᠯᠲᠡ ᠶᠢᠨ ᠣᠷᠣᠯᠭ᠎ᠠ 5.41 ᠳ᠋ᠦᠩᠰᠢᠭᠤᠷ ᠲᠥᠭᠦᠷᠢᠭ ᠲᠤ ᠬᠦᠷᠴᠦ᠂ ᠯᠠᠪᠳᠠᠭᠤᠨ ᠲᠣᠭᠲᠠᠭᠤᠨ ᠢᠶᠠᠷ ᠬᠥᠭᠵᠢᠬᠦ ᠪᠠᠶᠢᠳᠠᠯ ᠢᠶᠠᠨ ᠪᠠᠲᠤᠯᠠᠵᠤ ᠪᠠᠶᠢᠨ᠎ᠠ᠃
 
ᠢᠷᠡᠯᠲᠡ᠄ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号