ᠮᠠᠨ ᠤ ᠣᠷᠣᠨ ︽ᠬᠥᠮᠦᠨ᠂ ᠰᠠᠭᠤᠴᠠ᠂ ᠭᠠᠵᠠᠷ᠂ ᠮᠦᠩᠭᠦ︾ ᠳᠥᠷᠪᠡᠨ ᠬᠦᠴᠦᠨ ᠵᠦᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ | ᠬᠥᠭᠵᠢᠭᠦᠯᠵᠦ ᠪᠣᠢ᠃ ︽ᠬᠥᠮᠦᠨ︾ ᠤ ᠲᠠᠯ᠎ᠠ ᠪᠠᠷ᠂ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠣᠷᠣᠨ | ᠰᠠᠭᠤᠴᠠ ᠶᠢᠨ ᠲᠠᠯ᠎ᠠ ᠶᠢᠨ ᠱᠠᠲᠤᠴᠢ ᠴᠢᠨᠠᠷᠲᠠᠶ ᠬᠦᠴᠢᠷᠲᠡᠯᠲᠡᠢ ᠠᠰᠠᠭᠤᠳᠠᠯ ᠢ ᠴᠢᠩᠭ᠎ᠠ ᠠᠩᠬᠠᠷᠤᠨ᠎ᠠ᠃ | ᠪᠠᠲᠤᠯᠠᠭ᠎ᠠ ᠶᠢᠨ ᠡᠲᠡᠭᠡᠳ ᠤᠨ ᠬᠡᠪᠴᠢᠶ᠎ᠡ ᠶᠢ ᠵᠣᠬᠢᠰᠲᠠᠶ ᠵᠠᠭᠠᠭᠯᠠᠨ ᠲᠣᠭᠲᠠᠭᠠᠵᠤ᠂ ᠪᠠᠲᠤᠯᠠᠭ᠎ᠠ ᠶᠢᠨ ᠡᠲᠡᠭᠡᠳ ᠤᠨ | ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶ ᠣᠶᠢᠯᠠᠭᠠᠵᠤ᠂ ᠨᠥᠬᠦᠴᠡᠯ ᠳᠤ ᠨᠡᠶᠢᠴᠡᠭᠰᠡᠳ ᠢ ᠴᠠᠭ ᠲᠤᠬᠠᠶ ᠳᠤ ᠨᠢ | ᠪᠠᠲᠤᠯᠠᠭ᠎ᠠ ᠶᠢᠨ ᠬᠡᠪᠴᠢᠶᠡᠨ ᠳᠤ ᠣᠷᠤᠭᠤᠯᠤᠨ᠎ᠠ᠃ ︽ᠰᠠᠭᠤᠴᠠ︾ ᠶᠢᠨ ᠲᠠᠯ᠎ᠠ ᠪᠠᠷ᠂ ᠪᠠᠲᠤᠯᠠᠭ᠎ᠠ ᠶᠢᠨ ᠴᠢᠨᠠᠷᠲᠠᠶ | ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠦᠷᠢᠶᠡᠰᠦᠯᠡᠭᠦᠯᠬᠦ | ᠪᠠ ᠡᠵᠡᠩᠨᠡᠨ ᠬᠠᠮᠢᠶᠠᠷᠬᠤ ᠪᠦᠬᠦ ᠶᠠᠪᠤᠴᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ︽ᠭᠠᠵᠠᠷ︾ ᠤᠨ | ᠲᠠᠯ᠎ᠠ ᠪᠠᠷ᠂ ᠦᠯᠡᠳᠡᠭᠡᠯ ᠡᠬᠢ ᠪᠠᠶᠠᠯᠢᠭ ᠢ ᠠᠮᠢᠳᠤᠯᠢᠭᠵᠢᠭᠤᠯᠬᠤ ᠪᠠᠷ ᠭᠤᠤᠯ ᠪᠣᠯᠭᠠᠨ᠂ ᠣᠯᠠᠨ ᠲᠠᠯ᠎ᠠ ᠶᠢᠨ ᠭᠤᠤᠯ | ᠴᠣᠭᠴᠠ ᠶᠢᠨ ᠣᠷᠣᠯᠴᠠᠬᠤ ᠶᠢ ᠬᠥᠲᠥᠯᠦᠨ ᠵᠢᠯᠣᠭᠤᠳᠴᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠭᠡᠷᠡᠴᠢᠯᠡᠨ ᠰᠢᠨᠡᠳᠭᠡᠬᠦ᠂ ᠡᠭᠡᠭᠦᠯᠦᠨ ᠬᠤᠳᠠᠯᠳᠤᠵᠤ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ | ᠂ ᠰᠤᠯᠠ ᠲᠠᠯᠪᠢᠭᠳᠠᠵᠤ ᠪᠠᠶᠢᠬᠤ ᠭᠠᠵᠠᠷ ᠰᠢᠷᠣᠶ ᠵᠢᠴᠢ ᠬᠡᠷ ᠪᠠᠶᠢᠰᠢᠩ ᠢ ᠭᠦᠢᠴᠡᠳ ᠠᠰᠢᠭᠯᠠᠨ᠂ ᠤᠯᠤᠰ ᠤᠨ | ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠰᠢᠨ᠎ᠡ ᠬᠠᠩᠭᠠᠯᠭ᠎ᠠ ᠶᠢᠨ ᠭᠠᠵᠠᠷ ᠢ ᠵᠣᠬᠢᠰᠲᠠᠶ ᠠᠰᠢᠭᠯᠠᠵᠤ᠂ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ ᠪᠥᠲᠥᠭᠡᠨ | ᠪᠠᠶᠢᠭᠤᠯᠤᠨ᠎ᠠ᠃ ︽ᠮᠦᠩᠭᠦᠨ︾ ᠤ ᠲᠠᠯ᠎ᠠ ᠪᠠᠷ᠂ ᠭᠠᠵᠠᠷ ᠰᠢᠷᠣᠶ᠂ ᠡᠳ᠋ ᠤᠨ ᠵᠠᠰᠠᠭ ᠭᠠᠶᠢᠯᠢ᠂ ᠮᠥᠩᠭᠦᠨ | ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ | ᠨᠥᠬᠦᠪᠥᠷᠢ ᠶᠢᠨ ᠪᠠᠯᠠ ᠮᠥᠩᠭᠦ᠂ ᠲᠤᠰᠬᠠᠶ ᠵᠢᠭᠡᠯᠡᠯᠭᠡ ᠶᠢᠨ ᠲᠡᠮᠳᠡᠭᠲᠦ ᠪᠠ ᠢᠲᠡᠭᠡᠮᠵᠢᠲᠦ ᠵᠢᠭᠡᠯᠡᠯᠭᠡ ᠶᠢᠨ ᠪᠠᠯᠠ | ᠮᠥᠩᠭᠦ ᠶᠢᠨ ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ᠡᠨᠡ ᠵᠢᠯ ᠪᠥᠬᠦ ᠣᠷᠣᠨ ᠳᠤ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢ 16933 ᠢᠵᠢ ︵ᠲᠠᠰᠤᠭ︶ ᠴᠤᠭᠯᠠᠭᠤᠯᠵᠤ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ 7 | ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ 12230 ᠢᠵᠢ ︵ᠲᠠᠰᠤᠭ︶ ᠶᠢ ᠪᠠᠷᠢᠯᠭ᠎ᠠ ᠡᠬᠢᠯᠡᠭᠦᠯᠵᠦ᠂ | ᠪᠠᠷᠢᠯᠭ᠎ᠠ ᠡᠬᠢᠯᠡᠭᠦᠯᠦᠭᠰᠡᠨ ᠨᠣᠷᠮ᠎ᠠ 72.2 % ᠲᠤ ᠬᠦᠷᠪᠡ᠃ ︵ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ︶ |